ᠮᠠᠨ ᠤ ᠬᠤᠲᠠ ᠠᠵᠤ ᠠᠬᠤᠶᠢᠯᠠᠯ ᠤᠨ ᠢᠲᠡᠭᠡᠮᠵᠢ ᠪᠠᠨ ᠰᠡᠷᠭᠦᠭᠡᠬᠦ ᠦᠢᠯᠡᠴᠢᠯᠡᠭᠡ ᠶᠢ ᠰᠦᠯᠵᠢᠶᠡᠨ ᠳᠡᠭᠡᠷ᠎ᠡ ᠭᠦᠢᠴᠡᠳᠬᠡᠬᠦ ᠵᠦᠭᠯᠡᠭᠦᠷ ᠭᠠᠷᠭᠠᠪᠠ
ᠨᠡᠶᠢᠲᠡᠯᠡᠭᠰᠡᠨ ᠴᠠᠭ᠄
2022/5/10
      ︵ᠰᠤᠷᠪᠤᠯᠵᠢᠯᠠᠭᠴᠢ ᠴᠢ ᠰᠢᠶᠣᠣ ᠶᠠᠨ︶ ᠠᠵᠢᠯ ᠤᠨ ᠶᠠᠪᠤᠴᠠ ᠶᠢ ᠳᠥᠭᠦᠮᠴᠢᠯᠡᠵᠦ᠂ ᠠᠵᠤ ᠠᠬᠤᠶᠢᠯᠠᠯ ᠤᠨ ᠢᠲᠡᠭᠡᠮᠵᠢ ᠪᠠᠨ ᠰᠡᠷᠭᠦᠭᠡᠬᠦ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠬᠦ ᠶᠢᠨ ᠲᠥᠯᠥᠭᠡ᠂ ᠡᠵᠡᠩᠨᠡᠯᠲᠡ ᠬᠡᠪ ᠤᠨ ᠪᠤᠰᠤ ᠨᠡᠷᠡᠰ ᠤᠨ ᠵᠢᠭᠰᠠᠭᠠᠯᠲᠠ᠂ ᠬᠠᠤᠯᠢ ᠶᠢ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠨ ᠨᠡᠷᠡᠰ ᠲᠤ ᠵᠢᠭᠰᠠᠭᠠᠭᠳᠠᠭᠰᠠᠨ ᠵᠢᠴᠢ ᠵᠠᠰᠠᠭ ᠵᠠᠬᠢᠷᠭᠠᠨ ᠤ ᠰᠢᠢᠳᠭᠡᠯ ᠥᠭᠬᠦ ᠪᠠᠷ ᠵᠠᠷᠯᠠᠨ ᠨᠡᠶᠢᠲᠡᠯᠡᠭᠰᠡᠨ ᠠᠵᠤ ᠠᠬᠤᠶᠢᠯᠠᠯ ᠬᠠᠤᠯᠢ ᠪᠠᠷ ᠲᠣᠭᠲᠠᠭᠠᠭᠰᠠᠨ ᠡᠭᠦᠷᠭᠡ ᠪᠠᠨ ᠭᠦᠢᠴᠡᠳᠬᠡᠭᠰᠡᠨ ᠤ ᠳᠠᠷᠠᠭ᠎ᠠ᠂ ᠰᠦᠯᠵᠢᠶᠡᠨ ᠳᠡᠭᠡᠷ᠎ᠡ ᠢᠳᠡᠭᠡᠮᠵᠢ ᠪᠠᠨ ᠰᠡᠷᠭᠦᠭᠡᠬᠦ ᠪᠠᠷ ᠭᠤᠶᠤᠴᠢᠯᠠᠵᠤ ᠪᠣᠯᠣᠨ᠎ᠠ᠃      ᠪᠣᠳᠠᠲᠠᠢ ᠠᠷᠭ᠎ᠠ ᠨᠢ᠄ ᠡᠩ ᠲᠡᠷᠢᠭᠦᠨ ᠳᠤ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ︵ᠥᠪᠥᠷ ᠮᠣᠩᠭᠤᠯ︶ ᠳᠤ ᠣᠷᠣᠵᠤ᠂ ᠠᠵᠤ ᠠᠬᠤᠶᠢᠯᠠᠯ ᠤᠨ ᠮᠡᠳᠡᠭᠡ ᠵᠠᠩᠭᠢ ᠶᠢ ᠲᠠᠭᠯᠠᠨ ᠮᠡᠳᠡᠭᠦᠯᠬᠦ ᠶᠢ ᠲᠣᠪᠴᠢᠳᠠᠨ᠂ ᠣᠨ ᠤ ᠮᠡᠳᠡᠭᠦᠯᠦᠯᠲᠡ ᠶᠢᠨ ᠰᠢᠰᠲ᠋ᠧᠮ ᠳᠤ ᠣᠷᠣᠨ᠎ᠠ᠃ ᠡᠰᠡᠬᠦᠯ᠎ᠡ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠰᠦᠯᠵᠢᠶ᠎ᠡ ᠶᠢᠨ  ᠲᠡᠷᠢᠭᠦᠨ  ᠨᠢᠭᠤᠷ ᠢᠶᠠᠷ ᠳᠠᠮᠵᠢᠨ᠂ ᠠᠵᠤ ᠠᠬᠤᠶᠢᠯᠠᠯ ᠤᠨ ᠣᠨ ᠤ ᠮᠡᠳᠡᠭᠦᠯᠦᠯᠲᠡ ᠶᠢᠨ ᠢᠯᠡ ᠨᠡᠶᠢᠲᠡᠯᠡᠬᠦ ᠮᠡᠳᠡᠭᠡ ᠵᠠᠩᠭᠢ ᠶᠢ ᠲᠠᠭᠯᠠᠨ ᠮᠡᠳᠡᠭᠦᠯᠬᠦ ᠶᠢ ᠲᠣᠪᠴᠢᠯᠠᠵᠤ᠂ ᠣᠨ ᠤ ᠮᠡᠳᠡᠭᠦᠯᠦᠯᠲᠡ ᠶᠢᠨ ᠰᠢᠰᠲ᠋ᠧᠮ ᠳᠤ ᠣᠷᠣᠨ᠎ᠠ᠃ ᠰᠢᠰᠲ᠋ᠧᠮ ᠳᠤ ᠣᠷᠣᠭᠰᠠᠨ ᠤ ᠳᠠᠷᠠᠭ᠎ᠠ᠂ ᠢᠲᠡᠭᠡᠮᠵᠢ ᠶᠢᠨ ᠮᠡᠳᠡᠭᠡ ᠵᠠᠩᠭᠢ ᠶᠢ ᠰᠡᠷᠭᠦᠭᠡᠬᠦ ᠶᠢ ᠰᠣᠩᠭᠤᠵᠤ᠂ ᠢᠲᠡᠭᠡᠮᠵᠢ ᠶᠢᠨ ᠮᠡᠳᠡᠭᠡ ᠵᠠᠩᠭᠢ ᠶᠢ ᠰᠡᠷᠭᠦᠭᠡᠬᠦ ᠶᠢ ᠭᠤᠶᠤᠴᠢᠯᠠᠬᠤ ᠨᠢᠭᠤᠷ ᠲᠤ ᠣᠷᠤᠵᠤ᠂ ︽ᠬᠠᠤᠯᠢ ᠶᠢ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠨ ᠮᠡᠳᠡᠭᠡ ᠵᠠᠩᠭᠢ ᠶᠢ ᠰᠡᠷᠭᠦᠭᠡᠬᠦ︾ ︽ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠮᠡᠳᠡᠭᠡ ᠵᠠᠩᠭᠢ ᠶᠢ ᠰᠡᠷᠭᠦᠭᠡᠬᠦ︾ ᠪᠠ ︽ᠡᠵᠡᠩᠨᠡᠯᠲᠡ ᠬᠡᠪ ᠤᠨ ᠪᠤᠰᠤ ᠨᠡᠷᠡᠰ ᠤᠨ ᠵᠢᠭᠰᠠᠭᠠᠯᠲᠠ ᠶᠢᠨ ᠮᠡᠳᠡᠭᠡ ᠵᠠᠩᠭᠢ ᠶᠢ ᠰᠡᠷᠭᠦᠭᠡᠬᠦ︾ ᠶᠢ ᠰᠣᠩᠭᠤᠵᠤ᠂ ᠢᠲᠡᠭᠡᠮᠵᠢ ᠶᠢᠨ ᠮᠡᠳᠡᠭᠡ ᠵᠠᠩᠭᠢ ᠶᠢ ᠰᠡᠷᠭᠦᠭᠡᠬᠦ ᠳᠤ ᠬᠡᠷᠡᠭᠰᠡᠬᠦ ᠮᠡᠳᠡᠭᠡ ᠵᠠᠩᠭᠢ ᠶᠢ ᠲᠠᠭᠯᠠᠨ ᠮᠡᠳᠡᠭᠦᠯᠬᠦ ᠪᠠ ᠢᠲᠡᠭᠡᠮᠵᠢ ᠶᠢ ᠰᠡᠷᠭᠦᠭᠡᠬᠦ ᠮᠠᠲ᠋ᠧᠷᠢᠶᠠᠯ ᠢ ᠲᠤᠰᠢᠶᠠᠵᠤ ᠪᠣᠯᠣᠨ᠎ᠠ᠃ ᠲᠠᠭᠯᠠᠵᠤ ᠪᠠᠷᠠᠭᠰᠠᠨ ᠤ ᠳᠠᠷᠠᠭ᠎ᠠ ᠲᠤᠰᠢᠶᠠᠬᠤ  ᠳᠠᠷᠤᠪᠴᠢ ᠶᠢ ᠳᠠᠷᠤᠨ᠎ᠠ᠃
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ