ᠢᠦᠢ ᠴᠢᠤᠸᠠᠨ ᠲᠣᠭᠤᠷᠢᠭ ᠠᠷᠠᠳ ᠨᠡᠶᠢᠲᠡ ᠶᠢᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠲᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/5/11
       ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠠᠤᠯᠢᠵᠢᠯ ᠤᠨ ᠤᠬᠠᠮᠰᠠᠷ ᠢ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠭᠦᠨ ᠵᠤᠵᠠᠭᠠᠨ ᠬᠠᠤᠯᠢᠵᠢᠯ ᠤᠨ ᠬᠦᠷᠢᠶ᠎ᠡ ᠬᠡᠪᠴᠢᠶ᠎ᠡ ᠶᠢ ᠪᠤᠢ ᠪᠣᠯᠭᠠᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠡᠰᠡᠷᠭᠦᠴᠡᠬᠦ ᠴᠢᠳᠠᠪᠤᠷᠢ ᠶᠢ ᠴᠢᠩᠭᠠᠳᠬᠠᠬᠤ ᠶᠢᠨ ᠲᠥᠯᠥᠭᠡ᠂ 2022 ᠣᠨ ᠤ 4 ᠰᠠᠷ᠎ᠠ ᠶᠢᠨ 15 ᠤ ᠡᠳᠦᠷ ᠳᠣᠯᠣᠳᠤᠭᠠᠷ ᠤᠳᠠᠭ᠎ᠠ ᠶᠢᠨ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ᠂ ᠢᠦᠢ ᠴᠢᠤᠸᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃      ᠰᠢᠭᠤᠳ ᠨᠡᠪᠲᠡᠷᠡᠭᠦᠯᠭᠡ ᠶᠢ ᠰᠣᠨᠢᠷᠬᠠᠬᠤ ᠪᠠᠷ ᠳᠠᠮᠵᠢᠭᠤᠯᠤᠨ᠂ LED᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠪᠠᠷ ᠠᠴᠢᠶᠠᠯᠠᠪᠤᠷᠢ ᠪᠣᠯᠭᠠᠬᠤ ᠶᠢᠨ ᠬᠠᠮᠲᠤ᠂ ᠰᠠᠭᠤᠭᠠᠯᠢ ᠠᠷᠠᠳ ᠲᠤ ︽ᠪᠥᠬᠦ ᠠᠷᠠᠳ ᠤᠨ ᠤᠯᠤᠰ ᠤᠨ ᠠᠮᠤᠷ ᠲᠦᠪᠰᠢᠨ︾ ᠪᠠ ︽ᠠᠷᠠᠳ ᠢᠷᠭᠡᠳ ᠤᠨ ᠨᠢᠭᠤᠴᠠ ᠶᠢ ᠬᠠᠮᠠᠭᠠᠯᠠᠬᠤ ᠶᠡᠷᠦ ᠶᠢᠨ ᠮᠡᠳᠡᠯᠭᠡ ᠶᠢ ᠡᠷᠬᠡᠪᠰᠢ ᠮᠡᠳᠡᠬᠦ︾ ᠤᠬᠠᠭᠤᠯᠭ᠎ᠠ ᠶᠢᠨ ᠨᠤᠭᠤᠯᠤᠭᠠᠰᠤ ᠲᠠᠷᠬᠠᠭᠠᠵᠤ᠂ ᠠᠵᠢᠯᠯᠠᠭᠠᠨ ᠤ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠶ ᠪᠣᠶ ᠪᠤᠯᠭᠠᠪᠠ᠃      ᠲᠣᠰ ᠤᠳᠠᠭᠠᠨ ᠤ ᠰᠤᠷᠤᠯᠴᠠᠯᠭ᠎ᠠ ᠪᠠᠷ ᠳᠡᠮᠵᠢᠨ᠂ ᠠᠵᠢᠯᠲᠠᠨ ᠪᠠ ᠰᠠᠭᠤᠭᠠᠯᠢ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ᠂ ᠬᠠᠥᠯᠢᠵᠢᠯ ᠤᠨ ᠤᠬᠠᠮᠰᠠᠷ ᠵᠢᠴᠢ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠴᠢᠩᠭᠠᠷᠠᠭᠤᠯᠵᠤ᠂ ︽ᠤᠯᠤᠰ ᠤᠨ ᠠᠮᠤᠷ ᠲᠦᠪᠰᠢᠨ ᠳᠤ ᠬᠥᠮᠦᠨ ᠪᠦᠬᠦᠨ ᠬᠠᠷᠢᠭᠤᠴᠠᠯᠭ᠎ᠠ ᠲᠠᠢ︾ ᠭᠡᠳᠡᠭ ᠢ ᠭᠦᠨᠵᠡᠭᠡᠶ ᠣᠶᠢᠯᠠᠭᠠᠭᠰᠠᠨ ᠪᠠᠶᠢᠨ᠎ᠠ᠃
ᠢᠷᠡᠯᠲᠡ᠄ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ