ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠨ᠎ᠡ ᠮᠠᠶ᠋ᠢᠭ ᠤᠨ ᠬᠠᠤᠯᠢ ᠬᠡᠷᠡᠭᠵᠢᠭᠦᠯᠬᠦ ᠬᠤᠪᠴᠠᠰᠤ ᠰᠣᠯᠢᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2022/5/11
微信图片_20220511110957.jpg
      2022 ᠣᠨ ᠤ 4 ᠰᠠᠷ᠎ᠠ ᠶᠢᠨ 29 ᠤ ᠡᠳᠦᠷ ᠤᠨ 10 ᠴᠠᠭ ᠲᠤ᠂ ᠬᠥᠬᠡᠬᠤᠲᠠ ᠶᠢᠨ ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠰᠢᠨ᠎ᠡ ᠮᠠᠶ᠋ᠢᠭ ᠤᠨ ᠬᠠᠤᠯᠢ ᠬᠡᠷᠡᠭᠵᠢᠭᠦᠯᠬᠦ ᠳᠦᠷᠢᠮᠲᠦ ᠬᠤᠪᠴᠠᠰᠤ ᠰᠣᠯᠢᠬᠤ ᠶᠣᠰᠣᠯᠠᠯ ᠶᠠᠪᠤᠭᠤᠯᠪᠠ᠃ 169 ᠺᠠᠳ᠋ᠷ ᠠᠵᠢᠯᠳᠠᠨ ᠰᠢᠨ᠎ᠡ ᠮᠠᠶ᠋ᠢᠭ ᠤᠨ ᠬᠠᠤᠯᠢ ᠬᠡᠷᠡᠭᠵᠢᠭᠦᠯᠬᠦ ᠳᠦᠷᠢᠮᠲᠦ ᠬᠤᠪᠴᠠᠰᠤ ᠡᠮᠦᠰᠦᠨ ᠬᠤᠪᠴᠠᠰᠤ ᠰᠣᠯᠢᠬᠤ ᠶᠣᠰᠣᠯᠠᠯ ᠳᠤ ᠣᠷᠣᠯᠴᠠᠪᠠ᠃       ᠬᠤᠪᠴᠠᠰᠤ ᠰᠣᠯᠢᠬᠤ ᠶᠣᠰᠣᠯᠠᠯ ᠤᠯᠤᠰ ᠤᠨ ᠰᠦᠯᠳᠡ ᠳᠠᠭᠤᠤ ᠶᠢ ᠬᠥᠭᠵᠢᠮᠳᠡᠬᠦ ᠳᠤᠮᠳᠠ ᠡᠬᠢᠯᠡᠵᠦ᠂ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠲᠣᠪᠴᠢᠶᠠᠨ ᠤ ᠳᠡᠳ᠋ ᠳᠠᠷᠤᠭ᠎ᠠ ᠵᠠᠩ ᠴᠦᠨ ᠯᠸᠢ ᠬᠤᠪᠴᠠᠰᠤ ᠰᠣᠯᠢᠬᠤ ᠶᠣᠰᠣᠯᠠᠯ ᠢ ᠡᠷᠭᠢᠯᠡᠵᠦ᠂ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠲᠣᠪᠴᠢᠶᠠᠨ ᠤ ᠮᠧᠩ ᡁᠢ ᠢ ᠲᠣᠪᠴᠢᠶᠠᠨ ᠳᠠᠷᠤᠭ᠎ᠠ ᠪᠠᠶᠠᠷ ᠤᠨ ᠦᠭᠡ ᠬᠡᠯᠡᠵᠦ᠂ ᠢᠦᠶ ᠴᠢᠤᠸᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠯᠸᠢ ᠬᠤᠪᠴᠠᠰᠤ ᠰᠣᠯᠢᠬᠤ ᠶᠣᠰᠣᠯᠠᠯ ᠳᠤ ᠣᠷᠣᠯᠴᠠᠪᠠ᠃      ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠦᠷᠢᠮᠲᠦ ᠬᠤᠪᠴᠠᠰᠤ ᠰᠣᠯᠢᠬᠤ ᠪᠣᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠭᠦᠨᠵᠡᠭᠡᠶ ᠠᠭᠤᠰᠤᠯᠴᠠᠬᠤ ᠶᠢᠨ ᠬᠡᠷᠡᠭᠴᠡᠭᠡ ᠮᠥᠨ︔ ᠵᠠᠬ᠎ᠠ ᠳᠡᠯᠭᠡᠭᠦᠷ ᠤᠨ ᠬᠦᠷᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠤᠨ ᠪᠣᠯᠪᠠᠰᠤᠨ ᠢᠶᠠᠷ ᠬᠡᠷᠡᠭᠵᠢᠭᠦᠯᠬᠦ ᠶᠢᠨ ᠬᠡᠷᠡᠭᠴᠡᠭᠡ ᠮᠥᠨ᠃ ᠬᠠᠤᠯᠢ ᠬᠡᠷᠡᠭᠵᠢᠭᠦᠯᠬᠦ ᠶᠢᠨ ᠡᠷᠬᠡ ᠰᠦᠷᠲᠦ ᠴᠢᠨᠠᠷ ᠪᠠ ᠲᠥᠪ ᠴᠢᠩᠭ᠎ᠠ ᠴᠢᠨᠠᠷ ᠢ ᠴᠢᠩᠭᠠᠳᠬᠠᠬᠤ ᠳᠤ ᠠᠰᠢᠭᠲᠠᠶ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠠᠰᠢᠭᠲᠠᠶ᠂ ᠬᠠᠤᠯᠢ ᠬᠡᠷᠡᠭᠵᠢᠭᠦᠯᠬᠦ ᠡᠩᠨᠡᠭᠡᠨ ᠤ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠬᠤ ᠳᠤ ᠠᠰᠢᠭᠲᠠᠶ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠺᠠᠳ᠋ᠷ ᠤᠨ ᠡᠩᠨᠡᠭᠡᠨ ᠤ ᠨᠢᠭᠲᠠᠷᠠᠯ ᠤᠨ ᠬᠦᠴᠦᠨ᠂ ᠦᠢᠯᠡᠴᠢᠯᠡᠭᠡᠨ ᠤ ᠬᠦᠴᠦᠨ᠂ ᠲᠠᠶᠢᠴᠢᠨ ᠬᠦᠴᠦᠨ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠲᠣᠪᠴᠢᠶᠠᠨ ᠳᠠᠷᠤᠭ᠎ᠠ ᠮᠧᠩ ᡁᠢ ᠢ ᠵᠢᠭᠠᠵᠤ ᠭᠠᠷᠭᠠᠭᠰᠠᠨ ᠨᠢ᠂ ᠪᠢᠳᠡ ᠭᠠᠳᠠᠨ᠎ᠠ ᠠᠴᠠ ᠳᠦᠷᠢ ᠲᠥᠷᠬᠦ ᠶᠢ ᠪᠤᠶ ᠪᠣᠯᠭᠠᠵᠤ᠂ ᠳᠣᠲᠣᠷ᠎ᠠ ᠠᠴᠠ ᠪᠠᠨ ᠬᠡᠪ ᠴᠢᠨᠠᠷ ᠢ ᠴᠢᠩᠭᠠᠳᠬᠠᠬᠤ ᠬᠡᠷᠡᠭᠲᠡᠶ︔ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠵᠦ᠂ ᠬᠠᠤᠯᠢ ᠶᠣᠰᠣᠭᠠᠷ ᠵᠠᠰᠠᠭ ᠶᠠᠪᠤᠭᠤᠯᠵᠤ᠂ ᠬᠠᠤᠯᠢ ᠶᠢ ᠪᠣᠯᠪᠠᠰᠤᠨ ᠢᠶᠠᠷ ᠬᠡᠷᠡᠭᠵᠢᠭᠦᠯᠬᠦ ᠬᠡᠷᠡᠭᠲᠡᠶ᠃ ᠢᠳᠡᠭᠡᠨ ᠤ ᠵᠦᠢᠯ ᠡᠮ ᠤᠨ ᠵᠦᠢᠯ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠦᠢᠯᠡᠳᠬᠦᠨ ᠤ ᠶᠠᠰᠤ ᠴᠢᠨᠠᠷ᠂ ᠪᠠᠷᠢᠮᠵᠢᠶ᠎ᠠ ᠬᠡᠮᠵᠢᠯᠲᠡ ᠶᠢᠨ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠬ᠎ᠠ ᠳᠡᠯᠭᠡᠭᠦᠷ ᠤᠨ ᠲᠥᠪ ᠭᠤᠤᠯᠴᠢ ᠰᠢᠳᠤᠷᠭᠤ ᠶᠣᠰᠣ ᠪᠠ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠴᠢᠨᠠᠷ ᠰᠠᠶᠢᠲᠠᠶ ᠬᠥᠭᠵᠢᠯᠲᠡ ᠶᠢᠨ ᠪᠤᠶᠠᠨᠲᠤ ᠢᠦᠶ ᠴᠢᠤᠸᠠᠨ ᠢ ᠪᠡᠶᠡᠯᠡᠭᠦᠯᠬᠦ ᠳᠤ ᠥᠪᠡᠷ ᠤᠨ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ᠃      ᠲᠣᠪᠴᠢᠶᠠᠨ ᠳᠠᠷᠤᠭ᠎ᠠ ᠮᠧᠩ ᡁᠢ ᠢ ᠬᠠᠮᠤᠭ ᠰᠡᠭᠦᠯ ᠳᠤ ᠴᠢᠬᠤᠯᠠᠴᠢᠯᠠᠭᠰᠠᠨ ᠨᠢ᠂ ᠲᠣᠭᠲᠠᠭᠠᠯ ᠢ ᠴᠢᠩᠭ᠎ᠠ ᠵᠢᠷᠤᠮᠯᠠᠨ ᠬᠤᠪᠴᠠᠰᠤᠯᠠᠵᠤ᠂ ᠰᠠᠶᠢᠨ ᠰᠠᠶᠢᠬᠠᠨ ᠲᠦᠷᠢ ᠲᠥᠷᠬᠦ ᠪᠠᠨ ᠪᠠᠲᠤᠯᠠᠵᠤ᠂ ᠰᠠᠬᠢᠯᠭ᠎ᠠ ᠪᠠᠲᠤ ᠶᠢ ᠰᠠᠬᠢᠵᠤ᠂ ᠵᠠᠷᠯᠢᠭ ᠢ ᠲᠠᠭᠠᠵᠤ᠂ ᠵᠢᠯᠤᠭᠤᠳᠤᠯᠭ᠎ᠠ ᠶᠢ ᠲᠠᠭᠠᠵᠤ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ᠂ ᠪᠣᠯᠪᠠᠰᠤᠨ ᠬᠤᠳᠠ ᠪᠣᠯᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠳᠠ ᠶᠢ ᠪᠠᠶᠢᠭᠤᠯᠬᠤ ᠵᠢᠴᠢ ᠪᠤᠰᠤᠳ ᠡᠯ᠎ᠡ ᠵᠦᠢᠯ ᠤᠨ ᠠᠵᠢᠯ ᠤᠨ ᠳᠤᠮᠳᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠮᠤᠷ ᠲᠦᠪᠰᠢᠨ ᠢᠦᠢ ᠴᠢᠤᠸᠠᠨ ᠢ ᠪᠦᠳᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠠᠵᠢᠯᠯᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃      ᠺᠠᠳ᠋ᠷ ᠠᠵᠢᠯᠳᠠᠨ ᠰᠢᠨ᠎ᠡ ᠳᠦᠷᠢᠮᠲᠦ ᠬᠤᠪᠴᠠᠰᠤ ᠪᠠᠨ ᠰᠣᠯᠢᠭᠰᠠᠨ ᠤ ᠲᠠᠷᠠᠭ᠎ᠠ᠂ ᠴᠤᠭ ᠵᠢᠪᠬᠤᠭ᠎ᠠ ᠪᠠᠷ ᠪᠢᠯᠬᠠᠵᠤ᠂ ᠲᠤᠰ ᠤᠳᠠᠭ᠎ᠠ ᠶᠢᠨ ᠬᠤᠪᠴᠠᠰᠤ ᠪᠠᠨ ᠰᠣᠯᠢᠬᠤ ᠪᠠᠷ ᠠᠵᠠ ᠲᠣᠬᠢᠶᠠᠯ ᠪᠣᠯᠭᠠᠵᠤ᠂ ᠥᠪᠡᠷ ᠢ ᠪᠠᠨ ᠴᠢᠩᠭ᠎ᠠ ᠱᠠᠭᠠᠷᠳᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠪᠣᠯᠤᠨ ᠬᠠᠤᠯᠢ ᠬᠡᠷᠡᠭᠵᠢᠭᠦᠯᠬᠦ ᠲᠦᠪᠰᠢᠨ ᠢᠶᠠᠨ ᠳᠡᠭᠡᠭᠰᠢᠯᠡᠭᠦᠯᠵᠦ᠂ ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠥᠭᠵᠢᠯ ᠴᠡᠴᠡᠭᠯᠡᠯ ᠲᠣᠭᠲᠠᠭᠤᠨ ᠳᠤ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃
ᠢᠷᠡᠯᠲᠡ᠄ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ