ᠢᠦᠶ ᠴᠢᠤᠸᠠᠨ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ ᠬᠠᠷᠢᠶᠠᠲᠤ ᠣᠷᠣᠨ ᠤ ᠰᠣᠶᠣᠯ ᠤᠨ ᠬᠠᠮᠠᠭᠠᠯᠠᠯᠲᠠ ᠶᠢᠨ ᠨᠢᠭᠡᠴᠡ ᠦᠵᠡᠮᠵᠢ ᠶᠢᠨ ᠣᠷᠣᠨ ᠳᠤ ᠲᠠᠪᠤᠨ ᠰᠠᠷ᠎ᠠ ᠶᠢᠨ ᠨᠢᠭᠡᠨ ᠤ ᠪᠠᠶᠠᠷ ᠠᠴᠠ ᠡᠮᠦᠨᠡᠬᠢ ᠠᠶᠤᠯᠭᠦᠶ ᠦᠢᠯᠡᠳᠪᠦᠷᠢᠯᠡᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2022/5/11
      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠭᠦᠨᠵᠡᠭᠡᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠬᠠᠮᠢᠶᠠᠷᠤᠯᠲᠠ ᠵᠢᠴᠢ ᠠᠶᠤᠯᠭᠦᠶ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠰᠣᠶᠣᠯ ᠤᠨ ᠬᠠᠮᠠᠭᠠᠯᠠᠯᠲᠠ ᠶᠢᠨ ᠨᠢᠭᠡᠴᠡ᠂ ᠦᠵᠡᠮᠵᠢ ᠶᠢᠨ ᠣᠷᠣᠨ ᠤ ᠠᠵᠢᠯᠲᠠᠨ ᠤ ᠭᠠᠯ ᠤᠨᠲᠠᠷᠠᠭᠠᠬᠤ ᠠᠮᠤᠷ ᠲᠦᠪᠰᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠢ ᠴᠢᠩᠭᠠᠳᠬᠠᠬᠤ ᠶᠢᠨ ᠲᠦᠯᠦᠭᠡ᠂ ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ ᠪᠠᠴᠢᠮ ᠪᠠᠶᠢᠳᠠᠯ ᠢ ᠠᠷᠭᠠᠴᠠᠭᠠᠬᠤ᠂ ᠭᠠᠯ ᠤᠨᠲᠠᠷᠠᠭᠠᠬᠤ ᠬᠠᠤᠯᠢ ᠬᠡᠷᠡᠭᠵᠢᠭᠦᠯᠦᠯᠲᠡ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠠᠷᠢᠶ᠎ᠠ ᠣᠷᠣᠨ ᠤ ᠰᠣᠶᠣᠯ ᠤᠨ ᠬᠠᠮᠠᠭᠠᠯᠠᠯᠲᠠ ᠶᠢᠨ ᠨᠢᠭᠡᠴᠡ᠂ ᠦᠵᠡᠮᠵᠢ ᠶᠢᠨ ᠣᠷᠣᠨ ᠳᠤ ᠠᠶᠤᠯᠭᠦᠶ ᠦᠢᠯᠡᠳᠪᠦᠷᠢᠯᠡᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃      ᠪᠠᠶᠢᠴᠠᠭᠠᠬᠤ ᠳᠤᠭᠤᠶᠢᠯᠠᠩ ᠤᠨ ᠬᠢᠨ ᠦᠵᠡᠮᠵᠢ ᠶᠢᠨ ᠣᠷᠣᠨ ᠦᠵᠡᠮᠵᠢ ᠶᠢᠨ ᠭᠠᠵᠠᠷ᠂ ᠰᠣᠶᠣᠯ ᠤᠨ ᠬᠠᠮᠠᠭᠠᠯᠠᠯᠲᠠ ᠶᠢᠨ ᠨᠢᠭᠡᠴᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠪᠡᠯᠡᠳᠬᠡᠮᠵᠢ ᠲᠥᠬᠦᠭᠡᠷᠦᠮᠵᠢ ᠶᠢᠨ ᠪᠠᠶᠢᠳᠠᠯ ᠵᠢᠴᠢ ᠴᠠᠬᠢᠯᠭᠠᠨ ᠬᠡᠷᠡᠭᠯᠡᠬᠦ ᠭᠠᠯ ᠤᠨ ᠠᠮᠤᠷ ᠲᠦᠪᠰᠢᠨ ᠳᠤ ᠨᠠᠷᠢᠨ ᠨᠢᠭᠲᠠ ᠪᠠᠶᠢᠴᠠᠭᠠᠯᠲᠠ ᠬᠢᠬᠦ ᠶᠢᠨ ᠬᠠᠮᠲᠤ ᠱᠠᠭᠠᠷᠳᠠᠯᠭ᠎ᠠ ᠳᠤᠷᠠᠳᠪᠠ᠄ ᠨᠢᠭᠡ ᠳᠤ ᠡᠯ᠎ᠡ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠲᠦᠷᠢᠮ ᠢ ᠲᠡᠭᠦᠯᠳᠡᠷᠵᠢᠭᠦᠯᠦᠨ᠂ ᠡᠳᠦᠷ ᠲᠤᠲᠤᠮ ᠤᠨ ᠪᠠᠶᠢᠴᠠᠭᠠᠯᠲᠠ ᠶᠢᠨ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠶᠢᠨ ᠬᠠᠮᠲᠤ ᠪᠠᠶᠢᠴᠠᠭᠠᠯᠲᠠ ᠶᠢᠨ ᠲᠡᠮᠳᠡᠭᠯᠡᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ ᠬᠤᠶᠠᠷ ᠲᠤ᠂ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ ᠡᠯ᠎ᠡ ᠰᠣᠶᠣᠯ ᠤᠨ ᠳᠠᠭᠠᠳᠬᠠᠯ ᠤᠨ ᠨᠢᠭᠡᠴᠡ᠂ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠤᠨ ᠬᠢᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠨᠢᠭᠡᠨᠲᠡ ᠨᠡᠭᠡᠭᠡᠭᠰᠡᠨ ᠲᠠᠯᠠᠪᠤᠷ ᠲᠤ ᠠᠵᠢᠯᠲᠠᠨ ᠤ ᠤᠷᠤᠰᠬᠠᠯ ᠢ ᠬᠢᠵᠠᠭᠠᠷᠯᠠᠬᠤ᠂ ᠺᠣᠳ᠋ ᠰᠢᠷᠪᠢᠬᠦ᠂ ᠳᠤᠯᠠᠭᠠᠨ ᠢ ᠬᠡᠮᠵᠢᠬᠦ᠂ ᠳᠠᠩᠰᠠᠯᠠᠬᠤ᠂ ᠠᠮᠠᠪᠴᠢ ᠵᠡᠭᠦᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠶᠢ ᠰᠢᠪᠠᠳᠠᠬᠤ ᠬᠡᠷᠡᠭᠲᠡᠶ᠃ ᠴᠢᠯᠥᠭᠡᠲᠡᠶ ᠶᠠᠪᠤᠯᠴᠠᠬᠤ ᠶᠢ ᠲᠦᠷ ᠬᠤᠶᠢᠰᠢᠯᠠᠭᠤᠯᠬᠤ ᠲᠠᠯᠠᠪᠤᠷ ᠲᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠳᠤᠷ᠎ᠠ ᠪᠠᠷ ᠢᠶᠠᠨ ᠴᠢᠯᠥᠭᠡᠲᠡᠶ ᠶᠠᠪᠤᠯᠴᠠᠬᠤ ᠶᠢ ᠣᠭᠲᠣ ᠵᠥᠪᠰᠢᠶᠡᠷᠡᠬᠦ ᠥᠬᠡᠶ᠂ ᠠᠵᠢᠯᠲᠠᠨ ᠤ ᠭᠥᠯᠢᠶᠡᠨ ᠠᠪᠬᠤ ᠳᠡᠭᠡᠳᠦ ᠬᠢᠵᠠᠭᠠᠷ ᠢ ᠵᠦᠶ ᠵᠣᠬᠢᠰᠲᠠᠶ ᠲᠣᠭᠲᠠᠭᠠᠬᠤ ᠬᠡᠷᠡᠭᠲᠡᠶ᠃ ᠭᠤᠷᠪᠠ ᠳᠤ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠲᠤ ᠢᠯᠡ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠡᠷᠬᠢᠨ ᠲᠣᠭᠤᠷᠢᠨ ᠤ ᠲᠣᠭᠤᠷᠢᠨ ᠪᠠᠶᠢᠴᠠᠭᠠᠬᠤ ᠠᠵᠢᠯ ᠢ ᠴᠢᠩᠭᠠᠳᠬᠠᠨ᠂ 24 ᠴᠠᠭ ᠢᠶᠠᠷ ᠵᠢᠵᠢᠭᠦᠷᠯᠡᠬᠦ ᠲᠦᠷᠢᠮ ᠢ ᠬᠡᠷᠡᠭᠵᠢᠭᠦᠯᠵᠦ᠂ ᠪᠠᠶᠠᠷ ᠳᠤᠷᠠᠰᠬᠠᠯ ᠠᠮᠠᠷᠠᠯᠲᠠ ᠶᠢᠨ ᠬᠤᠭᠤᠴᠠᠭᠠᠨ ᠳᠠᠬᠢ ᠰᠥᠨᠢ ᠪᠠᠷ ᠲᠣᠭᠤᠷᠢᠨ ᠪᠠᠶᠢᠴᠠᠭᠠᠵᠤ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠪᠠᠶᠢᠷᠢᠯᠠᠭᠤᠯᠵᠤ᠂ ᠦᠢᠯᠡᠳᠪᠦᠷᠢᠯᠡᠯ ᠠᠮᠢᠳᠤᠷᠠᠯ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ 
ᠢᠷᠡᠯᠲᠡ᠄ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ