ᠬᠤᠲᠠ ᠶᠢᠨ ᠪᠠᠶᠢᠴᠠᠭᠠᠵᠤ ᠦᠨᠡᠯᠡᠨ ᠵᠢᠱᠢᠬᠦ ᠳᠤᠭᠤᠶᠢᠯᠠᠩ ᠴᠢᠩ ᠱᠦᠶ ᠾᠧ ᠰᠢᠶᠠᠨ ᠳᠤ ᠬᠦᠷᠴᠦ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︵ᠭᠠᠵᠠᠷ᠂ ᠥᠷᠲᠡᠭᠡ︶ ᠤᠨ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢᠨ ᠬᠠᠷᠢᠯᠴᠠᠨ ᠦᠨᠡᠯᠡᠵᠦ ᠰᠢᠯᠭᠠᠨ ᠠᠪᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2022/5/11
      5 ᠳ᠋ᠤᠭᠠᠷ ᠰᠠᠷ᠎ᠠ ᠶᠢᠨ 10 ᠤ ᠡᠳᠦᠷ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠪᠠᠶᠢᠴᠠᠭᠠᠨ ᠰᠤᠳᠤᠯᠤᠭᠴᠢ ᠵᠧᠩ ᠵᠢᠶᠠᠨ ᠵᠥᠩ ᠤᠨ ᠳᠠᠭᠠᠭᠤᠯᠤᠭᠰᠠᠨ ᠬᠤᠲᠠ ᠶᠢᠨ ᠪᠠᠶᠢᠴᠠᠭᠠᠨ ᠦᠨᠡᠯᠡᠬᠦ ᠳᠤᠭᠤᠶᠢᠯᠠᠩ ᠴᠢᠩ ᠱᠦᠶ ᠾᠧ ᠰᠢᠶᠠᠨ ᠳᠤ ᠬᠦᠷᠴᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︵ᠭᠠᠵᠠᠷ᠂ ᠥᠷᠲᠡᠭᠡ︶ ᠤᠨ ᠪᠠᠷᠢᠮᠵᠢᠶᠠᠵᠢᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠦᠨᠡᠯᠡᠯᠲᠡ ᠬᠢᠪᠠ᠃
市检查评估组赴清水河县开展新时代文明实践中心(所、站)标准化建设互评验收工作.gif
          ᠦᠨᠡᠯᠡᠨ ᠵᠢᠱᠢᠬᠦ ᠳᠤᠭᠤᠶᠢᠯᠠᠩ ᠤᠨ ᠬᠢᠨ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠵᠡᠷᠭᠡ ᠭᠠᠵᠠᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠦᠨᠡᠯᠡᠨ ᠵᠢᠱᠢᠵᠦ᠂ ᠬᠠᠷᠢᠭᠤ ᠮᠡᠳᠡᠭᠦᠯᠦᠯᠲᠡ ᠰᠣᠨᠣᠰᠬᠤ᠂ ᠮᠠᠲ᠋ᠧᠷᠢᠶᠠᠯ ᠢ ᠬᠢᠨᠠᠨ ᠬᠠᠷᠭᠤᠭᠤᠯᠬᠤ᠂ ᠶᠠᠷᠢᠯᠴᠠᠬᠤ ᠬᠤᠷᠠᠯ ᠵᠣᠬᠢᠶᠠᠨ ᠪᠠᠶᠢᠭᠤᠯᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠴᠢᠩ ᠱᠦᠢ ᠾᠧ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︵ᠭᠠᠵᠠᠷ᠂ ᠦᠷᠳᠡᠭᠡ︶ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠵᠢᠭᠰᠠᠭᠠᠯ ᠤᠨ ᠭᠠᠵᠠᠷ ᠤᠨ ᠪᠠᠶᠢᠭᠤᠯᠤᠯᠲᠠ᠂ ᠡᠬᠢ ᠪᠠᠶᠠᠯᠢᠭ ᠢ ᠨᠡᠶᠢᠳᠬᠡᠬᠦ᠂ ᠰᠠᠶᠢᠨ ᠳᠤᠷ᠎ᠠ ᠶᠢᠨ ᠦᠢᠯᠡᠴᠢᠯᠡᠭᠡ ᠵᠢᠴᠢ ᠦᠢᠯᠡᠳᠦᠯᠭᠡ ᠶᠢᠨ ᠠᠵᠢᠯᠯᠠᠭ᠎ᠠ ᠵᠡᠷᠭᠡ ᠠᠵᠢᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠢ ᠶᠢᠨ ᠲᠠᠯᠠᠪᠤᠷ ᠲᠤ ᠦᠨᠡᠯᠡᠨ ᠵᠢᠱᠢᠵᠦ ᠬᠤᠪᠢ ᠥᠭᠴᠡᠢ᠃       ᠶᠠᠷᠢᠯᠴᠠᠬᠤ ᠬᠤᠷᠠᠯ ᠳᠡᠭᠡᠷ᠎ᠡ᠂ ᠦᠨᠡᠯᠡᠨ ᠵᠢᠱᠢᠬᠦ ᠳᠤᠭᠤᠶᠢᠯᠠᠩ ᠤᠨ ᠬᠢᠨ ᠴᠢᠩ ᠱᠦᠶ ᠾᠧ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠲᠤᠷᠰᠢᠯᠲᠠ ᠶᠢᠨ ᠴᠢᠬ ᠤᠨ ᠠᠵᠢᠯ ᠢ ᠭᠦᠢᠴᠡᠳ ᠨᠤᠲᠠᠯᠠᠬᠤ ᠶᠢᠨ ᠬᠠᠮᠲᠤ ᠵᠢᠯᠣᠭᠤᠳᠬᠤ ᠴᠢᠨᠠᠷᠲᠠᠶ ᠰᠠᠨᠠᠯ ᠪᠠ ᠰᠠᠨᠠᠭᠤᠯᠭ᠎ᠠ ᠳᠤᠷᠠᠳᠪᠠ᠃ ᠴᠢᠩ ᠱᠦᠢ ᠾᠧ ᠰᠢᠶᠠᠨ ᠢ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠢ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ ᠭᠡᠵᠦ ᠱᠠᠭᠠᠷᠳᠠᠪᠠ᠃ ᠵᠢᠭᠰᠠᠭᠠᠯ ᠤᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠬᠢᠯᠠᠰ ᠴᠡᠭ ᠢ ᠳᠣᠪᠤᠶᠢᠯᠭᠠᠨ᠂ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠪᠣᠳᠠᠲᠠᠶ ᠶᠢ ᠡᠷᠬᠢᠮᠯᠡᠨ ᠰᠢᠨ᠎ᠡ ᠶᠢ ᠡᠭᠦᠳᠴᠦ᠂ ᠡᠩᠨᠡᠭᠡ ᠪᠠᠨ ᠪᠠᠬᠢᠵᠢᠭᠦᠯᠵᠦ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠥᠪᠡᠷᠮᠢᠴᠡ ᠣᠨᠴᠠᠯᠢᠭ ᠲᠠᠢ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠢ ᠪᠣᠶ ᠪᠣᠯᠭᠠᠬᠤ ᠬᠡᠷᠡᠭᠲᠡᠶ᠃ ᠡᠭᠦᠨ ᠤ ᠬᠠᠮᠲᠤ ᠴᠢᠩ ᠱᠦᠢ ᠡᡁᠧ ᠰᠢᠶᠠᠨ ᠤ ᠬᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢᠨ ᠠᠵᠢᠯ ᠤᠨ ᠳᠤᠮᠳᠠᠬᠢ ᠪᠠᠭᠤᠷᠠᠢ ᠲᠠᠯ᠎ᠠ ᠪᠠ ᠳᠤᠲᠠᠭᠤᠳᠠᠯ ᠢᠶᠠᠨ ᠴᠠᠭ ᠲᠤᠬᠠᠢ ᠳᠤᠨᠢ ᠨᠥᠬᠦᠪᠥᠷᠢᠯᠡᠵᠦ᠂ ᠳᠠᠪᠠᠭᠤᠯᠢᠭ ᠢᠶᠠᠨ ᠪᠠᠳᠠᠷᠠᠭᠤᠯᠵᠤ᠂ ᠡᠬᠢ ᠪᠠᠶᠠᠯᠢᠭ ᠬᠦᠴᠦᠨ ᠢᠶᠠᠨ ᠨᠢᠭᠡᠳᠦᠯᠲᠡᠢ ᠲᠥᠯᠥᠪᠵᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠠᠨ ᠪᠠᠶᠠᠯᠢᠭᠵᠢᠭᠤᠯᠵᠤ᠂ ᠦᠨᠳᠦᠰᠦᠨ ᠱᠠᠲᠤᠨ ᠤ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠭᠤᠣᠯ ᠬᠦᠭ ᠠᠶᠠᠰ ᠢ ᠬᠠᠩᠭᠢᠨᠠᠭᠤᠯᠬᠤ᠂ ᠢᠳᠡᠪᠬᠢ ᠬᠦᠴᠦᠨ ᠢ ᠨᠢᠭᠲᠠᠷᠠᠭᠤᠯᠬᠤ ᠭᠤᠣᠯ ᠵᠢᠭᠰᠠᠭᠠᠯ ᠤᠨ ᠭᠠᠵᠠᠷ ᠪᠣᠯᠭᠠᠨ ᠪᠠᠶᠢᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ