ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2022 ᠣᠨ ᠤ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ 27612 ᠲᠦᠮᠡᠨ ᠲᠥᠭᠦᠷᠢᠭ ᠤᠨ ᠨᠥᠬᠦᠪᠦᠷᠢ ᠪᠡᠯᠡ ᠮᠥᠩᠭᠦ ᠪᠠᠭᠤᠯᠭᠠᠪᠠ
ᠨᠡᠶᠢᠲᠡᠯᠡᠭᠰᠡᠨ ᠴᠠᠭ᠄
2022/5/11
      ︵ᠰᠤᠷᠪᠤᠯᠵᠢᠯᠠᠭᠴᠢ ᠰᠥᠩ ᠰᠢᠶᠠᠩ ᠬᠤᠸᠠ︶ ᠣᠶᠢᠷ᠎ᠠ ᠳᠤ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠡᠪ ᠤᠨ ᠡᠷᠭᠢᠯᠲᠡ ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯᠯᠠᠭ᠎ᠠ ᠪᠠ ᠪᠤᠰᠤᠳ ᠡᠳᠦᠷ ᠲᠤᠲᠤᠮ ᠤᠨ ᠠᠵᠢᠯ ᠤᠨ ᠡᠭᠦᠷᠭᠡ ᠶᠢ ᠪᠡᠶᠡᠯᠡᠭᠦᠯᠬᠦ ᠵᠡᠷᠭᠡ ᠲᠠᠯ᠎ᠠ ᠶᠢᠨ ᠵᠠᠷᠤᠯᠭ᠎ᠠ ᠶᠢ ᠦᠨᠡᠨᠬᠦ ᠪᠠᠲᠤᠯᠠᠬᠤ ᠶᠢᠨ ᠲᠥᠯᠥᠭᠡ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ 2022 ᠣᠨ ᠤ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ 27612 ᠲᠦᠮᠡᠨ ᠲᠥᠭᠦᠷᠢᠭ ᠤᠨ ᠨᠥᠬᠦᠪᠦᠷᠢ ᠪᠡᠯᠡ ᠮᠥᠩᠭᠦ ᠪᠠᠭᠤᠯᠭᠠᠪᠠ᠃ ᠡᠭᠦᠨ ᠳᠤ᠄ ᠨᠡᠶᠢᠲᠡ ᠶᠢᠨ ᠬᠡᠷᠡᠭᠯᠡᠭᠡᠨ ᠤ ᠵᠠᠷᠤᠳᠠᠯ 22721 ᠲᠦᠮᠡᠨ ᠲᠥᠭᠦᠷᠢᠭ᠂ ᠰᠤᠷᠭᠠᠭᠤᠯᠢ ᠶᠢᠨ ᠭᠡᠷ ᠪᠠᠶᠢᠰᠢᠩ ᠢ ᠰᠡᠯᠪᠢᠨ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠪᠡᠯᠡ ᠮᠥᠩᠭᠦ 2557 ᠲᠦᠮᠡᠨ ᠲᠥᠭᠦᠷᠢᠭ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠠᠮᠢᠳᠤᠷᠠᠯ ᠤᠨ ᠨᠥᠬᠦᠪᠦᠷᠢ 2216 ᠲᠦᠮᠡᠨ ᠲᠥᠭᠦᠷᠢᠭ᠂ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ ᠪᠡᠯᠡ ᠮᠥᠩᠭᠦ 3 ᠲᠦᠮᠡᠨ ᠲᠥᠭᠦᠷᠢᠭ᠂ ᠣᠨᠴᠠᠭᠠᠶ ᠠᠵᠢᠯ ᠤᠨ ᠪᠠᠶᠢᠷᠢ ᠶᠢᠨ ᠪᠠᠭᠰᠢ ᠶᠢᠨ ᠲᠥᠪ ᠤᠨ ᠪᠡᠯᠡ ᠮᠥᠩᠭᠦ 115 ᠲᠦᠮᠡᠨ ᠲᠥᠭᠦᠷᠢᠭ ᠪᠣᠯᠣᠨ᠎ᠠ᠃      ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠡᠯ᠎ᠡ ᠭᠠᠵᠠᠷ ᠣᠷᠣᠨ ᠢ ᠡᠳ᠋ ᠤᠨ ᠵᠠᠰᠠᠭ ᠤᠨ ᠶᠠᠮᠤᠨ᠂ ᠰᠤᠷᠭᠠᠨ ᠬᠥᠮᠦᠵᠢᠯ ᠤᠨ ᠶᠠᠮᠤᠨ ᠠᠴᠠ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠨᠥᠬᠦᠪᠦᠷᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢ ᠴᠢᠩᠭ᠎ᠠ ᠵᠢᠷᠤᠮᠯᠠᠨ᠂ 2022 ᠣᠨ ᠤ ᠲᠥᠰᠥᠪ ᠢ ᠰᠠᠯᠭᠠᠨ ᠪᠠᠭᠤᠯᠭᠠᠬᠤ ᠪᠠ ᠪᠡᠯᠡ ᠮᠥᠩᠭᠦ ᠰᠠᠯᠭᠠᠨ ᠥᠭᠬᠦ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠡᠭᠦᠷᠭᠡᠯᠡᠪᠡᠰᠦ ᠵᠣᠬᠢᠬᠤ ᠪᠡᠯᠡ ᠮᠥᠩᠭᠦ ᠶᠢᠨ ᠲᠥᠰᠥᠪ ᠢ ᠭᠦᠢᠴᠡᠳ ᠲᠤᠭ᠎ᠠ ᠪᠠᠷ ᠲᠣᠬᠢᠷᠠᠭᠤᠯᠤᠨ᠂ ᠪᠡᠯᠡ ᠮᠥᠩᠭᠦ ᠶᠢ ᠴᠠᠭ ᠲᠤᠬᠠᠢ ᠳᠤᠨᠢ᠂ ᠭᠦᠢᠴᠡᠳ ᠲᠤᠭ᠎ᠠ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ