ᠸᠠᠩ ᠯᠢ ᠰᠢᠶᠠ ᠬᠥᠬᠡᠬᠤᠲᠠ ᠳᠤ ᠲᠥᠷᠥᠯ ᠲᠡᠮᠳᠡᠭᠲᠦ ᠪᠣᠯᠣᠨ ᠢᠳᠡᠭᠡᠨ ᠤ ᠠᠶᠤᠯᠭᠦᠢ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/5/11
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠵᠠᠩ ᠺᠦᠢ︶ 5 ᠳ᠋ᠤᠭᠠᠷ ᠰᠠᠷ᠎ᠠ ᠶᠢᠨ 10 ᠤ ᠡᠳᠦᠷ᠂ ᠳᠤᠮᠳᠠᠳᠤ ᠤᠯᠤᠰ ᠤᠨ ᠲᠥᠷᠥᠯ ᠲᠡᠮᠳᠡᠭᠲᠦ ᠶᠢᠨ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠲᠥᠷᠥᠯ ᠲᠡᠮᠳᠡᠭᠲᠦ ᠬᠢᠭᠡᠳ ᠢᠳᠡᠭᠡᠨ ᠤ ᠠᠶᠤᠯᠭᠦᠢ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ᠂ ᠲᠥᠷᠥᠯ ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠶᠡᠬᠡᠪᠡᠷ ᠳᠡᠭᠡᠭᠰᠢᠯᠡᠭᠦᠯᠦᠨ᠂ ᠲᠥᠷᠥᠯ ᠲᠡᠮᠳᠡᠭᠲᠦ ᠪᠠᠷ ᠴᠢᠨᠠᠷ ᠰᠠᠶᠢᠲᠠᠢ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠸᠠᠩ ᠯᠢ ᠰᠢᠶᠠ ᠬᠠᠮᠤᠭ ᠤᠨ ᠲᠦᠷᠦᠭᠦᠨ ᠳᠤ ᠡᠷᠳᠡᠨᠢ ᠬᠤᠨᠢᠨ ᠤ ᠦᠢᠯᠡᠰ ᠤᠨ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠪᠣᠯᠣᠨ ᠲᠦᠷᠦᠯ ᠲᠡᠮᠳᠡᠭᠲᠦ ᠶᠢᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠵᠢᠭᠠᠵᠤ ᠭᠠᠷᠭᠠᠬᠤ ᠳᠠᠭᠠᠨ᠂ ᠴᠢᠨᠠᠷ ᠴᠢᠨᠰᠠᠭ᠎ᠠ ᠲᠠᠢ ᠪᠠᠶᠢᠮᠠᠨᠵᠢᠨ ᠰᠠᠶ᠋ᠢ ᠲᠥᠷᠥᠯ ᠲᠡᠮᠳᠡᠭᠲᠦ ᠲᠠᠢ ᠪᠣᠯᠵᠤ ᠴᠢᠳᠠᠨ᠎ᠠ᠂ ᠪᠠᠷᠢᠮᠵᠢᠶ᠎ᠠ ᠲᠠᠢ ᠪᠠᠶᠢᠮᠠᠨᠵᠢᠨ ᠰᠠᠶ᠋ᠢ ᠨᠡᠷ᠎ᠡ ᠭᠠᠷᠴᠤ ᠴᠢᠳᠠᠨ᠎ᠠ᠃ ᠦᠢᠯᠡᠳᠪᠦᠷᠢᠯᠡᠯ ᠠᠴᠠ ᠦᠢᠯᠡᠴᠢᠯᠡᠭᠡ ᠬᠦᠷᠲᠡᠯᠡᠬᠢ ᠪᠦᠬᠦ ᠶᠠᠪᠤᠴᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠨᠡᠷ᠎ᠡ ᠴᠤᠤᠲᠠᠢ ᠦᠢᠯᠡᠳᠬᠦᠨ ᠤ ᠲᠦᠷᠦᠯ ᠲᠡᠮᠳᠡᠭᠲᠦ ᠶᠢ ᠡᠭᠦᠳᠬᠦ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠣᠯᠠᠨ ᠨᠡᠶᠢᠲᠡ ᠶᠢᠨ ᠲᠥᠷᠥᠯ ᠲᠡᠮᠳᠡᠭᠲᠦ ᠶᠢ ᠶᠡᠬᠡᠪᠡᠷ ᠬᠥᠮᠥᠵᠢᠭᠦᠯᠵᠦ᠂ ᠤᠬᠠᠭᠤᠯᠭ᠎ᠠ ᠶᠢᠨ ᠶᠡᠷᠦᠩᠬᠡᠢ ᠦᠢᠯᠡᠳᠦᠯ ᠢ ᠥᠷᠭᠡᠳᠬᠡᠨ᠂ ᠲᠥᠷᠥᠯ ᠲᠡᠮᠳᠡᠭᠲᠦ ᠶᠢᠨ ᠠᠯᠳᠠᠷᠰᠢᠯ ᠢ ᠳᠡᠭᠡᠭᠰᠢᠯᠡᠭᠦᠯᠵᠦ᠂ ︽ᠵᠠᠭᠤᠨ ᠵᠢᠯ ᠤᠨ ᠬᠠᠭᠤᠴᠢᠨ ᠳᠡᠯᠭᠡᠭᠦᠷ︾ ᠢ ᠪᠠᠶᠢᠭᠤᠯᠬᠤ ᠬᠡᠷᠡᠭᠲᠡᠢ᠃ ᠲᠥᠷᠥᠯ ᠲᠡᠮᠳᠡᠭᠲᠦ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠢᠳᠡᠭᠡᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠲᠥᠷᠥᠯ ᠲᠡᠮᠳᠡᠭᠲᠦ ᠶᠢᠨ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠡᠢ᠃ ᠯᠠᠨ ᠲᠠᠢ ᠡᠮ ᠤᠨ ᠦᠢᠯᠡᠰ ᠲᠤ᠂ ᠸᠠᠩ ᠯᠢ ᠰᠢᠶᠠ ᠪᠦᠲᠦᠭᠡᠭᠳᠡᠬᠦᠨ ᠢ ᠰᠤᠳᠤᠯᠤᠨ ᠨᠡᠭᠡᠭᠡᠭᠰᠡᠨ᠂ ᠶᠠᠰᠤ ᠴᠢᠨᠠᠷ ᠢ ᠮᠥᠷᠳᠡᠭᠰᠡᠨ᠂ ᠲᠦᠷᠦᠯ ᠲᠡᠮᠳᠡᠭᠲᠦ ᠶᠢ ᠡᠭᠦᠳᠦᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠣᠷᠣᠭᠤᠯᠤᠯᠲᠠ ᠪᠠᠨ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠬᠦᠷᠢᠶᠡᠯᠡᠯ ᠢ ᠣᠯᠣᠭᠰᠠᠨ ᠨᠡᠩ ᠤᠯᠠᠨ ᠰᠢᠨ᠎ᠡ ᠦᠢᠯᠡᠳᠬᠦᠨ ᠢ ᠨᠡᠭᠡᠭᠡᠨ ᠬᠥᠭᠵᠢᠭᠦᠯᠬᠦ ᠬᠡᠷᠡᠭᠲᠡᠢ ᠭᠡᠵᠡᠢ᠃      ᠣᠳᠣᠬᠠᠨ ᠳᠤ᠂ ᠮᠠᠨ ᠤ ᠣᠷᠣᠨ ᠨᠢᠭᠡᠨᠲᠡ ᠪᠥᠬᠦ ᠲᠠᠯ᠎ᠠ ᠪᠠᠷ ᠪᠠᠷᠢᠯᠭ᠎ᠠ ᠶᠢᠨ ᠠᠵᠢᠯ ᠤᠨ ᠰᠢᠵᠢᠷ ᠠᠯᠲᠠᠨ ᠬᠤᠭᠤᠴᠠᠭᠠᠨ ᠳᠤ ᠣᠷᠣᠪᠠ᠃ ᠸᠠᠩ ᠯᠢ ᠰᠢᠶᠠ ᠢᠯᠢ ᠶᠢᠨ ᠤᠳᠤ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠣᠯᠣᠨ ᠰᠢᠩᠭᠡᠨ ᠲᠥᠯᠥᠪᠲᠦ ᠰᠦ ᠶᠢᠨ ᠪᠦᠬᠦ ᠪᠥᠮᠪᠥᠷᠴᠡᠭ ᠤᠨ ᠣᠶᠣᠨᠲᠣ ᠦᠢᠯᠡᠳᠬᠡᠯ ᠤᠨ ᠬᠡᠪ ᠳᠠᠭᠤᠷᠢᠶᠠᠯ ᠤᠨ ᠰᠠᠭᠤᠷᠢᠨ ᠤ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ ᠵᠦᠢᠯ ᠤᠨ ᠲᠣᠶᠢᠮᠣ ᠪᠠᠶᠢᠳᠠᠯ᠂ ᠪᠦᠲᠦᠭᠡᠨ ᠪᠠᠶᠢᠭᠤᠯᠤᠯᠲᠠ ᠶᠢᠨ ᠠᠬᠢᠴᠠ ᠵᠢᠴᠢ ᠢᠯᠢ ᠪᠦᠯᠦᠭᠯᠡᠯ ᠤᠨ ᠲᠦᠷᠦᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠬᠢ ᠪᠠᠶᠠᠯᠢᠭ ᠤᠨ ᠬᠦᠴᠦᠨ ᠢᠶᠠᠨ ᠲᠥᠪᠯᠡᠷᠡᠭᠦᠯᠦᠨ ᠰᠦ ᠶᠢᠨ ᠦᠢᠯᠡᠰ ᠤᠨ ᠬᠥᠭᠵᠢᠯᠲᠡ ᠳᠠᠬᠢ ᠠᠰᠠᠭᠤᠳᠠᠯ ᠢ ᠰᠢᠢᠳᠪᠦᠷᠢᠯᠡᠵᠦ᠂ ᠪᠦᠬᠦ ᠣᠷᠣᠨ ᠤ ᠬᠦᠴᠦᠨ ᠢᠶᠠᠷ ᠰᠦ ᠶᠢᠨ ᠦᠢᠯᠡᠰ  ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠬᠡᠷᠡᠭᠲᠡᠢ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠨᠡᠩ ᠤᠯᠠᠨ ᠡᠬᠢ ᠪᠠᠶᠠᠯᠢᠭ ᠤᠨ ᠬᠦᠴᠦᠨ ᠢ ᠨᠢᠭᠲᠠᠷᠠᠭᠤᠯᠵᠤ᠂ ᠢᠯᠢ ᠶᠢᠨ ᠤᠳᠤ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠴᠢᠳᠠᠪᠤᠷᠢᠲᠠᠨ ᠴᠤᠭᠯᠠᠷᠠᠭᠰᠠᠨ ᠥᠨᠳᠦᠷᠯᠢᠭ ᠭᠠᠵᠠᠷ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠡᠢ᠃      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠣᠣ ᠭᠠᠩ᠂ ᠴᠢ᠊ ᠪᠠᠲᠤ ᠬᠠᠮᠲᠤ ᠪᠠᠶᠢᠴᠠᠭᠠᠨ ᠰᠤᠳᠤᠯᠤᠯᠲᠠ ᠬᠢᠪᠡ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠬᠥᠬᠡᠬᠤᠲᠠ ᠶᠢᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ