5 ᠳ᠋ᠤᠭᠠᠷ ᠰᠠᠷ᠎ᠠ ᠶᠢᠨ 10 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠮᠡᠳᠡᠭᠦᠯᠦᠯᠲᠡ ᠳᠤ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠰᠢᠨ᠎ᠡ ᠨᠡᠮᠡᠭᠳᠡᠭᠰᠡᠨ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠠᠴᠠ 2 | ᠬᠥᠮᠥᠨ ︵ᠴᠥᠮ ᠬᠥᠯᠥᠨ ᠪᠣᠶᠢᠷ ᠬᠤᠲᠠ ᠳᠤ︶ ᠢᠯᠠᠷᠢᠰᠢᠵᠦ ᠡᠮᠨᠡᠯᠭᠡ ᠠᠴᠠ ᠭᠠᠷᠪᠠ᠃ | 5 ᠳ᠋ᠤᠭᠠᠷ ᠰᠠᠷ᠎ᠠ ᠶᠢᠨ 10 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠨ ᠨᠤᠲᠤᠭ ᠤᠨ | ᠲᠣᠳᠤᠯᠠᠭᠰᠠᠨ ᠡᠪᠡᠳᠴᠢᠨ ᠤ ᠵᠢᠱᠢᠶ᠎ᠡ 17 ︵ᠬᠥᠯᠥᠨ ᠪᠣᠶᠢᠷ ᠬᠤᠲᠠ ᠳᠤ 16᠂ ᠤᠯᠠᠭᠠᠨᠬᠠᠳᠠ ᠬᠤᠲᠠ ᠳᠤ 1︶ ᠪᠣᠶ᠃ ᠬᠢᠯᠢ ᠶᠢᠨ ᠭᠠᠳᠠᠨ᠎ᠠ ᠠᠴᠠ | ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 4 ︵ᠴᠥᠮ ᠬᠥᠬᠡᠬᠤᠲᠠ ᠳᠤ︶ ᠪᠤᠢ᠃ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ | ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ | ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ︵ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ︶ |