︽ᠬᠥᠬᠡᠬᠤᠲᠠ ᠣᠷᠣᠨ ᠤ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠲᠥᠰᠥᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/5/11
      ᠨᠢᠭᠡ᠂ ᠨᠣᠣᠷᠠᠭᠯᠠᠭᠰᠠᠨ ᠠᠬᠤᠢ ᠪᠠᠶᠢᠳᠠᠯ ᠬᠢᠭᠡᠳ ᠨᠠᠶᠢᠷᠠᠭᠤᠯᠤᠨ ᠵᠣᠬᠢᠶᠠᠭᠰᠠᠨ ᠵᠣᠷᠢᠯᠭ᠎ᠠ      ᠨᠢᠳᠤᠨᠤᠨ ᠵᠢᠯ᠂ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠦᠷᠭᠦᠯᠵᠢᠯᠡᠨ ᠰᠡᠷᠭᠦᠭᠰᠡᠨ ᠪᠠ ᠣᠯᠠᠨ ᠤᠯᠤᠰ ᠤᠨ ᠥᠷᠭᠡᠨ ᠬᠡᠷᠡᠭᠴᠡᠭᠡᠨ ᠤ ᠡᠨᠧᠷᠭᠢ ᠶᠢᠨ ᠲᠦᠭᠦᠬᠡᠢ ᠮᠠᠲ᠋ᠧᠷᠢᠶᠠᠯ ᠤᠨ ᠦᠨ᠎ᠡ ᠬᠠᠩᠰᠢ ᠥᠰᠦᠭᠰᠡᠨ ᠵᠡᠷᠭᠡ ᠶᠢᠨ ᠨᠥᠯᠥᠭᠡ ᠠᠴᠠ ᠪᠣᠯᠵᠤ᠂ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠦᠴᠦᠨ ᠤ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠴᠠᠬᠢᠯᠭᠠᠨ ᠬᠦᠴᠦᠨ ᠤ ᠬᠠᠩᠭᠠᠯᠭ᠎ᠠ ᠪᠠᠴᠢᠮ ᠪᠣᠯᠬᠤ ᠬᠠᠨᠳᠤᠰᠢ ᠲᠠᠢ ᠪᠣᠯᠪᠠ᠃2021 ᠣᠨ ᠳᠤ ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠮᠠᠨ ᠤ ᠬᠤᠲᠠ ᠴᠠᠬᠢᠯᠭᠠᠨ ᠬᠦᠴᠦᠨ ᠤ ᠬᠠᠩᠭᠠᠯᠭ᠎ᠠ ᠶᠢᠨ ᠪᠠᠲᠤᠯᠠᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠠᠴᠠ ᠣᠯᠠᠨ ᠤᠳᠠᠭ᠎ᠠ ᠮᠡᠳᠡᠭᠳᠡᠯ ᠪᠠᠭᠤᠯᠭᠠᠵᠤ᠂ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠶᠢ ᠤᠷᠢᠳᠴᠢᠯᠠᠨ ᠰᠡᠷᠡᠮᠵᠢᠯᠡᠭᠦᠯᠬᠦ ᠬᠡᠪᠴᠢᠶ᠎ᠡ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ ︽︿ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠲᠣᠣᠷ ᠤᠨ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠲᠥᠰᠥᠯ﹀ ︿ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠲᠣᠣᠷ ᠤᠨ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠲᠥᠰᠥᠯ﹀ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠮᠡᠳᠡᠭᠳᠡᠯ︾ ︵ᠥᠪᠥᠷ ᠡᠨᠧᠷᠭᠢ ᠴᠠᠬᠢᠯᠭᠠᠨ ᠬᠦᠴᠦᠨ ᠥᠰᠥᠭ ﹇2021﹈ 840  ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠪᠥᠬᠦ ᠬᠤᠲᠠ ᠶᠢᠨ ᠴᠠᠬᠢᠯᠭᠠᠨ ᠲᠣᠣᠷ ᠤᠨ ᠠᠮᠤᠷ ᠲᠦᠪᠰᠢᠨ ᠪᠥᠭᠡᠳ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠵᠤ᠂ ᠨᠡᠶᠢᠭᠡᠮ ᠤᠨ ᠴᠠᠬᠢᠯᠭᠠᠨ ᠬᠡᠷᠡᠭᠯᠡᠬᠦ ᠡᠮᠬᠢ ᠳᠢᠭᠯᠢᠮ ᠢ ᠪᠠᠲᠤᠯᠠᠬᠤ ᠶᠢᠨ ᠲᠤᠰᠠᠳᠠ᠂ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠ ᠬᠥᠬᠡᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠶᠢ ᠵᠣᠬᠢᠶᠠᠨ ᠪᠠᠶᠢᠭᠤᠯᠤᠨ ︽ᠬᠥᠬᠡᠬᠤᠲᠠ ᠣᠷᠣᠨ ᠤ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠲᠥᠰᠥᠯ︾ ᠢ ᠨᠠᠶᠢᠷᠠᠭᠤᠯᠤᠨ ᠵᠣᠬᠢᠶᠠᠪᠠ᠃      ᠬᠤᠶᠠᠷ᠂ ᠭᠤᠣᠯ ᠠᠭᠤᠯᠭ᠎ᠠ      ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠲᠥᠰᠥᠯ ᠳᠤ ᠭᠤᠣᠯᠳᠠᠭᠤ ᠳᠥᠷᠪᠡᠨ ᠬᠡᠰᠡᠭ ᠪᠠᠭᠲᠠᠨ᠎ᠠ᠃      ᠨᠢᠭᠡ ᠳᠤ ᠶᠡᠷᠦᠩᠬᠡᠢ ᠱᠠᠭᠠᠷᠳᠠᠯᠭ᠎ᠠ᠃ ᠴᠠᠬᠢᠯᠭᠠᠨ ᠢ ᠡᠮᠬᠢ ᠵᠢᠷᠤᠮ ᠲᠠᠢ ᠪᠠᠷ ᠬᠡᠷᠡᠭᠯᠡᠬᠦ ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠢ ᠳᠤᠷᠠᠳᠴᠤ᠂ ᠤᠷᠢᠳᠠᠪᠠᠷ ᠪᠠᠲᠤᠯᠠᠬᠤ ᠴᠠᠬᠢᠯᠭᠠᠨ ᠬᠡᠷᠡᠭᠯᠡᠭᠴᠢ ᠶᠢᠨ ᠬᠦᠷᠢᠶ᠎ᠡ ᠬᠡᠪᠴᠢᠶ᠎ᠡ ᠪᠠ ᠭᠤᠣᠯᠳᠠᠯᠭ᠎ᠠ ᠲᠠᠢ ᠬᠢᠵᠠᠭᠠᠷᠯᠠᠬᠤ ᠴᠠᠬᠢᠯᠭᠠᠨ ᠬᠡᠷᠡᠭᠯᠡᠭᠴᠢ ᠶᠢᠨ ᠬᠦᠷᠢᠶ᠎ᠡ ᠬᠡᠪᠴᠢᠶ᠎ᠡ ᠶᠢ ᠲᠣᠳᠤᠷᠬᠠᠶᠢᠯᠠᠪᠠ᠃      ᠬᠤᠶᠠᠷ ᠲᠤ ᠵᠣᠬᠢᠶᠠᠨ ᠪᠠᠶᠢᠭᠤᠯᠵᠤ ᠬᠡᠷᠡᠭᠵᠢᠬᠦᠯᠬᠦ᠃ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠪᠣᠳᠠᠲᠠᠢ ᠠᠷᠭ᠎ᠠ ᠬᠡᠮᠵᠢᠶ᠎ᠡ᠂ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠲᠠᠰ ᠳᠠᠷᠠᠭᠠᠯᠠᠯ᠂ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠶᠢ ᠬᠡᠷᠡᠭᠵᠢᠭᠦᠯᠬᠦ ᠲᠠᠰ ᠳᠠᠷᠠᠭᠠᠯᠠᠯ ᠢ ᠳᠤᠷᠠᠳᠴᠤ᠂ ᠴᠠᠬᠢᠯᠭᠠᠨ ᠢ ᠬᠠᠭᠠᠵᠤ ᠴᠠᠬᠢᠯᠭᠠᠨ ᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠲᠣᠳᠤᠷᠬᠠᠶᠢᠯᠠᠪᠠ᠃      ᠭᠤᠷᠪᠠ ᠳᠤ ᠠᠵᠢᠯ ᠤᠨ ᠬᠤᠪᠢᠶᠠᠷᠢᠯᠠᠯ ᠢ ᠵᠣᠬᠢᠶᠠᠨ ᠪᠠᠶᠢᠭᠤᠯᠬᠤ᠃ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ᠂ ᠴᠠᠬᠢᠯᠭᠠᠨ ᠲᠣᠣᠷ ᠤᠨ ᠠᠵᠤ ᠠᠬᠤᠶᠢᠯᠠᠯ ᠪᠣᠯᠣᠨ ᠴᠠᠬᠢᠯᠭᠠᠨ ᠬᠡᠷᠡᠭᠯᠡᠬᠦ ᠠᠵᠤ ᠠᠬᠤᠶᠢᠯᠠᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠤᠷᠬᠠᠶᠢᠯᠠᠪᠠ᠃      ᠳᠥᠷᠪᠡ ᠳᠤ ᠪᠠᠲᠤᠯᠠᠭ᠎ᠠ ᠶᠢᠨ ᠠᠷᠭ᠎ᠠ ᠬᠡᠮᠵᠢᠶ᠎ᠡ᠃ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠬᠤ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ᠂ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠬᠤ ᠵᠡᠷᠭᠡ ᠭᠤᠷᠪᠠᠨ ᠲᠠᠯ᠎ᠠ ᠶᠢᠨ ᠠᠭᠤᠯᠭ᠎ᠠ ᠶᠢ ᠳᠤᠷᠠᠳᠤᠨ ᠭᠠᠷᠭᠠᠪᠠ᠃      ᠭᠤᠷᠪᠠ᠂ ᠬᠠᠮᠢᠶ᠎ᠠ ᠪᠦᠬᠦᠢ ᠵᠦᠢᠯᠡᠰ ᠤᠨ ᠲᠣᠳᠣᠷᠬᠠᠶᠢᠯᠠᠯᠲᠠ      ︵ᠨᠢᠭᠡ︶ ᠣᠷᠢᠳᠠᠪᠡᠷ ᠪᠠᠲᠤᠯᠠᠬᠤ ᠴᠠᠬᠢᠯᠭᠠᠨ ᠬᠡᠷᠡᠭᠯᠡᠭᠴᠢ ᠶᠢᠨ ᠬᠦᠷᠢᠶ᠎ᠡ ᠬᠡᠪᠴᠢᠶ᠎ᠡ ᠪᠠ  ᠭᠤᠣᠯᠳᠠᠯᠭ᠎ᠠ ᠲᠠᠢ ᠬᠢᠵᠠᠭᠠᠷᠯᠠᠬᠤ ᠴᠠᠬᠢᠯᠭᠠᠨ ᠬᠡᠷᠡᠭᠯᠡᠭᠴᠢ  ᠶᠢᠨ ᠬᠦᠷᠢᠶ᠎ᠡ ᠬᠡᠪᠴᠢᠶ᠎ᠡ ᠪᠣᠯ ᠴᠥᠮ ᠤᠯᠤᠰ ᠤᠨ ︽ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠳᠤ ᠲᠣᠭᠲᠠᠭᠠᠭᠰᠠᠨ ᠬᠡᠪᠴᠢᠶ᠎ᠡ ᠪᠣᠯᠣᠨ ᠥᠪᠡᠷᠲᠡᠭᠡᠨ ᠵᠠᠰᠠᠭ ᠣᠷᠣᠨ ᠤ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠪᠣᠯᠣᠨ᠎ᠠ᠃      ︵ᠬᠤᠶᠠᠷ︶ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠶᠢ ᠬᠡᠷᠡᠭᠵᠢᠭᠦᠯᠬᠦ ᠲᠤᠬᠠᠢ᠃ ᠬᠥᠬᠡᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠨᠢ ᠴᠠᠬᠢᠯᠭᠠᠨ ᠲᠣᠣᠷ ᠤᠨ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠶᠢᠨ ᠪᠠᠶᠢᠳᠠᠯ ᠢ ᠦᠨᠳᠦᠰᠦᠯᠡᠨ᠂ ᠪᠥᠬᠦ ᠬᠤᠲᠠ ᠶᠢᠨ ᠠᠵᠤ ᠦᠢᠯᠡᠳᠪᠦᠷᠢ ᠶᠢᠨ ᠪᠦᠲᠦᠴᠡ᠂ ᠴᠠᠬᠢᠯᠭᠠᠨ ᠬᠡᠷᠡᠭᠯᠡᠬᠦ ᠪᠦᠲᠦᠴᠡ᠂ ᠳᠠᠭᠠᠭᠠᠴᠠ ᠶᠢᠨ ᠣᠨᠴᠠᠯᠢᠭ ᠰᠢᠨᠵᠢ᠂ ᠪᠣᠳᠠᠲᠠᠢ  ᠠᠵᠢᠯᠯᠠᠵᠤ ᠪᠠᠶᠢᠭ᠎ᠠ ᠲᠣᠮᠣ ᠠᠵᠤ ᠦᠢᠯᠡᠳᠪᠦᠷᠢ ᠶᠢᠨ ᠳᠠᠭᠠᠭᠠᠴᠠ ᠶᠢᠨ ᠪᠠᠶᠢᠳᠠᠯ ᠵᠡᠷᠭᠡ ᠶᠢ ᠶᠡᠷᠦᠩᠬᠡᠶᠢᠯᠡᠨ ᠪᠣᠳᠣᠯᠬᠢᠯᠠᠵᠤ᠂ ᠴᠠᠬᠢᠯᠭᠠᠨ ᠬᠦᠴᠦᠨ ᠤ ᠳᠤᠲᠠᠭᠤᠳᠠᠯ ᠤᠨ ᠵᠡᠷᠭᠡ ᠳᠡᠰ ᠢᠶᠠᠷ ᠪᠦᠯᠦᠭ ᠤᠳᠠᠭ᠎ᠠ ᠬᠤᠪᠢᠶᠠᠨ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠶᠢ ᠥᠷᠨᠢᠭᠦᠯᠦᠨ᠎ᠡ᠃      1. ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠲᠣᠣᠷ ᠤᠨ ᠴᠠᠬᠢᠯᠭᠠᠨ ᠬᠦᠴᠦᠨ ᠤ ᠳᠤᠲᠠᠭᠤᠳᠠᠯ ᠨᠢ III ᠳᠡᠰ ︵ᠴᠠᠬᠢᠯᠭᠠᠨ ᠬᠦᠴᠦᠨ ᠤ ᠳᠤᠲᠠᠭᠤᠳᠠᠯ ᠨᠢ 300 ᠲᠦᠮᠡᠨ ᠺᠢᠯᠣᠸᠠᠲ ᠠᠴᠠ 600 ᠲᠦᠮᠡᠨ ᠺᠢᠯᠣᠸᠠᠲ ᠤᠨ ᠬᠤᠭᠤᠷᠣᠨᠳᠤ︶ ᠵᠢᠴᠢ ᠲᠡᠭᠦᠨ ᠠᠴᠠ ᠳᠣᠷᠣᠭᠰᠢ ᠪᠣᠯᠤᠭᠰᠠᠨ ᠦᠶ᠎ᠡ ᠳᠤ᠂ ᠲᠣᠭᠲᠠᠭᠠᠯ  ᠠᠴᠠ ᠵᠥᠷᠢᠴᠡᠭᠰᠡᠨ ︽ᠬᠤᠶᠠᠷ ᠶᠡᠬᠡᠲᠡᠢ︾ ᠲᠥᠷᠥᠯ ᠵᠦᠢᠯ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠭᠠᠷᠴᠠᠭ ᠲᠠᠬᠢ ᠰᠢᠭᠰᠢᠭᠳᠡᠭᠦᠯᠬᠦ ᠲᠥᠷᠥᠯ ᠪᠠ ᠬᠢᠵᠠᠭᠠᠷᠯᠠᠬᠤ ᠲᠥᠷᠥᠯ ᠤᠨ ᠠᠵᠤ ᠠᠬᠤᠶᠢᠯᠠᠯ᠂ ᠥᠪᠡᠷᠲᠡᠭᠡᠨ ᠨᠡᠭᠦᠷᠡᠰᠦ ᠰᠢᠳᠠᠭᠠᠬᠤ ᠴᠠᠬᠢᠯᠭᠠᠨ ᠦᠢᠯᠡᠳᠪᠦᠷᠢ ᠲᠠᠢ ᠠᠵᠤ ᠠᠬᠤᠶᠢᠯᠠᠯ ᠤᠨ ᠴᠠᠬᠢᠯᠭᠠᠨ ᠲᠣᠣᠷ ᠬᠡᠷᠡᠭᠯᠡᠬᠦ ᠳᠠᠭᠠᠭᠠᠴᠠ ᠶᠢ ᠤᠷᠢᠳᠠᠪᠡᠷ ᠬᠢᠵᠠᠭᠠᠷᠯᠠᠨ᠂ ᠳᠠᠷᠠᠭ᠎ᠠ ᠨᠢ ᠠᠵᠤ ᠦᠢᠯᠡᠰ ᠤᠨ ᠬᠡᠯᠬᠢᠶ᠎ᠡ ᠶᠢᠨ ᠪᠤᠰᠤ ︽ᠬᠤᠶᠠᠷ ᠶᠡᠬᠡᠲᠡᠢ︾ ᠲᠥᠷᠥᠯ ᠵᠦᠢᠯ ᠢ ᠬᠢᠵᠠᠭᠠᠷᠯᠠᠬᠤ ᠶᠢᠨ ᠬᠠᠮᠲᠤ᠂ ᠲᠣᠰ ᠰᠠᠷ᠎ᠠ ᠶᠢᠨ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠠᠷᠠᠯᠵᠢᠶ᠎ᠠ ᠳᠤ ᠣᠷᠣᠯᠴᠠᠵᠤ ᠠᠷᠠᠯᠵᠢᠶ᠎ᠠ ᠪᠦᠲᠦᠭᠰᠡᠨ ᠪᠠᠶᠢᠳᠠᠯ ᠲᠠᠢ ᠤᠶᠠᠯᠳᠤᠭᠤᠯᠤᠨ᠂ ᠠᠷᠠᠯᠵᠢᠶ᠎ᠠ ᠪᠦᠲᠦᠭᠰᠡᠨ ᠦᠨ᠎ᠡ ᠬᠠᠩᠰᠢ ᠶᠢᠨ ᠳᠣᠣᠷ᠎ᠠ ᠠᠴᠠ ᠥᠨᠳᠥᠷ ᠲᠠᠰ ᠳᠠᠷᠠᠭᠠᠯᠠᠯ ᠢᠶᠠᠷ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠳᠤ ᠣᠷᠣᠯᠴᠠᠭᠤᠯᠤᠨ᠎ᠠ᠃      2. ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠲᠣᠣᠷ ᠤᠨ ᠴᠠᠬᠢᠯᠭᠠᠨ ᠬᠦᠴᠦᠨ ᠤ ᠳᠤᠲᠠᠭᠤᠳᠠᠯ ᠨᠢ I ᠳᠡᠰ ︵ᠴᠠᠬᠢᠯᠭᠠᠨ ᠬᠦᠴᠦᠨ ᠤ ᠳᠤᠲᠠᠭᠤᠳᠠᠯ ᠨᠢ 1000 ᠲᠦᠮᠡᠨ ᠺᠢᠯᠣᠸᠠᠲ ᠠᠴᠠ ᠳᠡᠭᠡᠭᠰᠢ︶᠂ II ᠳᠡᠰ ︵ᠴᠠᠬᠢᠯᠭᠠᠨ ᠬᠦᠴᠦᠨ ᠤ ᠳᠤᠲᠠᠭᠤᠳᠠᠯ ᠨᠢ 600 ᠲᠦᠮᠡᠨ ᠺᠢᠯᠣᠸᠠᠲ ᠠᠴᠠ 1000 ᠲᠦᠮᠡᠨ ᠺᠢᠯᠣᠸᠠᠲ ᠤᠨ ᠬᠤᠭᠤᠷᠣᠨᠳᠤ︶ ᠲᠤ ᠬᠦᠷᠦᠭᠰᠡᠨ ᠦᠶ᠎ᠡ ᠳᠤ᠂ III ᠲᠡᠰ ︵ᠴᠠᠬᠢᠯᠭᠠᠨ ᠬᠦᠴᠦᠨ ᠤ ᠳᠤᠲᠠᠭᠤᠳᠠᠯ 300 ᠲᠦᠮᠡᠨ ᠺᠢᠯᠣᠸᠠᠲ ᠠᠴᠠ 600 ᠲᠦᠮᠡᠨ ᠺᠢᠯᠣᠸᠠᠲ ᠤᠨ ᠬᠤᠭᠤᠷᠣᠨᠳᠤ︶᠂ IV ᠲᠡᠰ ︵ᠴᠠᠬᠢᠯᠭᠠᠨ ᠬᠦᠴᠦᠨ ᠤ ᠳᠤᠲᠠᠭᠤᠳᠠᠯ 300 ᠲᠦᠮᠡᠨ ᠺᠢᠯᠣᠸᠠᠲ ᠠᠴᠠ  ᠳᠣᠷᠤᠭᠰᠢ︶  ᠤᠨ ᠰᠠᠭᠤᠷᠢᠨ ᠳᠡᠭᠡᠷ᠎ᠡ᠂ ᠠᠶᠤᠯ ᠲᠠᠢ ᠨᠡᠭᠦᠷᠡᠰᠦ ᠬᠢᠮᠢ ᠶᠢᠨ ᠠᠵᠤ ᠦᠢᠯᠡᠳᠪᠦᠷᠢ ᠠᠴᠠ ᠪᠣᠰᠤᠳ ︽ᠬᠤᠶᠠᠷ ᠶᠡᠬᠡᠲᠡᠢ︾ ᠠᠵᠢᠯ ᠲᠥᠷᠥᠯ᠂ ᠪᠤᠰᠤᠳ ᠦᠢᠯᠡᠳᠪᠦᠷᠢᠯᠡᠯ ᠨᠢ ᠲᠠᠰᠤᠯᠳᠠᠵᠤ ᠪᠣᠯᠬᠤ ᠲᠣᠮᠣ ᠠᠵᠤ ᠦᠢᠯᠡᠳᠪᠦᠷᠢ᠂ ᠠᠶᠤᠯ ᠶᠡᠬᠡᠲᠡᠢ ᠠᠵᠢᠯ ᠲᠥᠷᠥᠯ ᠤᠨ ᠳᠠᠷᠠᠭᠠᠯᠠᠯ  ᠪᠠᠶᠢᠷᠢ ᠪᠠᠷ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠵᠦ ᠪᠣᠯᠬᠤ ᠳᠠᠭᠠᠭᠠᠴᠠ ᠶᠢ ᠲᠠᠷᠤᠵᠤ ᠬᠢᠵᠠᠭᠠᠷᠯᠠᠨ᠎ᠠ᠃      3. ᠡᠯ᠎ᠡ ᠱᠠᠲᠤᠨ ᠤ ᠬᠢᠨ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠶᠢ ᠬᠡᠷᠡᠭᠵᠢᠭᠦᠯᠬᠦ ᠦᠶ᠎ᠡ ᠳᠤ᠂ ᠵᠠᠬ᠎ᠠ ᠳᠡᠯᠭᠡᠭᠦᠷ ᠤᠨ ᠭᠡᠷ᠎ᠡ ᠠᠴᠠ ᠭᠠᠳᠠᠨᠠᠬᠢ ᠴᠠᠬᠢᠯᠭᠠᠨ ᠤ ᠬᠡᠮᠵᠢᠶ᠎ᠡ ᠶᠢᠨ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠲᠡᠰ ᠢ ᠵᠠᠬ᠎ᠠ ᠳᠡᠯᠭᠡᠭᠦᠷ ᠤᠨ ᠭᠡᠷ᠎ᠡ ᠶᠢᠨ ᠴᠠᠬᠢᠯᠭᠠᠨ ᠤ ᠬᠡᠮᠵᠢᠶ᠎ᠡ ᠠᠴᠠ ᠤᠷᠢᠳᠠᠪᠡᠷ ᠵᠢᠭᠰᠠᠭᠠᠨ᠎ᠠ᠃      ︵ᠭᠤᠷᠪᠠ︶ ᠴᠠᠬᠢᠯᠭᠠᠨ ᠢ ᠬᠠᠭᠠᠵᠤ ᠴᠠᠬᠢᠯᠭᠠᠨ ᠢ ᠬᠢᠵᠠᠭᠠᠷᠯᠠᠬᠤ ᠠᠷᠭ᠎ᠠ ᠬᠡᠮᠵᠢᠶ᠎ᠡ ᠶᠢᠨ ᠲᠤᠬᠠᠢ᠃ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠵᠡᠷᠭᠡ ᠠᠷᠭ᠎ᠠ ᠬᠡᠮᠵᠢᠶ᠎ᠡ ᠨᠢ ᠴᠠᠬᠢᠯᠭᠠᠨ ᠲᠣᠣᠷ ᠤᠨ ᠠᠮᠤᠷ ᠲᠦᠪᠰᠢᠨ ᠤ ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠭᠡᠢ ᠦᠶ᠎ᠡ ᠳᠤ᠂ ᠬᠥᠬᠡᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠬᠢᠨ ᠤᠷᠢᠳᠠᠪᠠᠷ ᠲᠣᠭᠲᠠᠭᠠᠭᠰᠠᠨ ᠴᠠᠬᠢᠯᠭᠠᠨ ᠬᠠᠭᠠᠬᠤ ᠲᠡᠰ ᠳᠠᠷᠠᠭᠠᠯᠠᠯ ᠢᠶᠠᠷ ᠴᠠᠬᠢᠯᠭᠠᠨ ᠢ ᠬᠠᠭᠠᠵᠤ ᠴᠠᠬᠢᠯᠭᠠᠨ ᠢ ᠬᠢᠵᠠᠭᠠᠷᠯᠠᠨ᠎ᠠ᠃ ᠴᠠᠬᠢᠯᠭᠠᠨ ᠢ ᠬᠠᠭᠠᠵᠤ ᠴᠠᠬᠢᠯᠭᠠᠨ ᠢ ᠬᠢᠵᠠᠭᠠᠷᠯᠠᠬᠤ ᠳᠤ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠴᠢᠬᠤᠯᠠ ᠪᠠᠲᠤᠯᠠᠭ᠎ᠠ ᠶᠢᠨ ᠬᠡᠷᠡᠭᠯᠡᠭᠴᠢ ᠵᠢᠴᠢ ᠨᠡᠭᠦᠷᠡᠰᠦᠨ ᠠᠭᠤᠷᠬᠠᠢ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ ᠪᠠ ᠬᠢᠮᠢ ᠶᠢᠨ ᠪᠣᠷᠳᠣᠭᠤᠷ ᠦᠢᠯᠡᠳᠪᠦᠷᠢᠯᠡᠬᠦ᠂ ᠳᠤᠯᠠᠭᠠᠯᠠᠭ᠎ᠠ ᠬᠠᠩᠭᠠᠬᠤ᠂ ᠬᠡᠢ ᠬᠠᠩᠭᠠᠬᠤ᠂ ᠢᠯᠴᠢ ᠬᠠᠩᠭᠠᠬᠤ ᠵᠡᠷᠭᠡ ᠠᠷᠠᠳ ᠤᠨ ᠠᠮᠢᠳᠤᠷᠠᠯ ᠤᠨ ᠬᠡᠷᠡᠭᠯᠡᠭᠴᠢ ᠶᠢ ᠪᠠᠭᠲᠠᠭᠠᠬᠤ ᠦᠭᠡᠢ᠃ ᠬᠥᠬᠡᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠨᠢ ᠴᠠᠬᠢᠯᠭᠠᠨ ᠢ ᠬᠠᠭᠠᠵᠤ ᠴᠠᠬᠢᠯᠭᠠᠨ ᠢ ᠬᠢᠵᠠᠭᠠᠷᠯᠠᠬᠤ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠣᠭᠲᠠᠭᠠᠵᠤ᠂ ᠴᠠᠬᠢᠯᠭᠠᠨ ᠢ ᠬᠠᠭᠠᠵᠤ ᠴᠠᠬᠢᠯᠭᠠᠨ ᠢ ᠬᠢᠵᠠᠭᠠᠷᠯᠠᠬᠤ ᠲᠦᠭᠰᠢᠭᠦᠷᠢ ᠶᠢᠨ ᠬᠡᠮᠵᠢᠶᠡᠯᠡᠭᠰᠡᠨ ᠪᠠᠷᠢᠮᠵᠢᠶ᠎ᠠ ᠶᠢ ᠲᠣᠳᠣᠷᠬᠠᠶᠢᠯᠠᠵᠤ᠂ ᠴᠠᠬᠢᠯᠭᠠᠨ ᠢ ᠬᠠᠭᠠᠵᠤ ᠴᠠᠬᠢᠯᠭᠠᠨ ᠢ ᠬᠢᠵᠠᠭᠠᠷᠯᠠᠬᠤ ᠪᠠᠷ ᠤᠷᠢᠳᠴᠢᠯᠠᠨ ᠰᠡᠷᠡᠮᠵᠢᠯᠡᠭᠦᠯᠬᠦ ᠶᠢ ᠡᠬᠢᠯᠡᠭᠦᠯᠬᠦ ᠨᠥᠬᠦᠴᠡᠯ ᠳᠤ ᠬᠦᠷᠦᠮᠡᠭᠴᠡ᠂ ᠴᠠᠭ ᠲᠤᠬᠠᠢ ᠳᠤᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ ᠃      ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ      ︵ᠲᠦᠷᠦ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠬᠠᠷᠢᠯᠴᠠᠬᠤ ᠬᠥᠮᠥᠨ᠄ ᠡᠾᠦ᠋ᠸᠧ ᠵᠢᠶᠠ ᠢᠦᠢ᠂ ᠬᠠᠷᠢᠯᠴᠠᠬᠤ ᠤᠲᠠᠰᠤ᠄ 4607178︶             ᠢᠷᠡᠯᠲᠡ᠄ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ