ᠠᠯᠪᠠᠨ ᠠᠴᠠ ᠡᠷᠭᠢᠯᠡᠭᠰᠡᠨ ᠪᠠᠰᠠ ᠨᠢᠭᠡᠨ ᠬᠡᠦᠬᠡᠳ ᠤᠨ ᠴᠡᠴᠡᠷᠯᠢᠭ ᠡᠨᠡ ᠵᠢᠯ ᠠᠰᠢᠭᠯᠠᠯᠲᠠ ᠳᠤ ᠣᠷᠤᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2022/5/11
      ︵ᠰᠤᠷᠪᠤᠯᠵᠢᠯᠠᠭᠴᠢ ᠮᠢᠶᠣᠣ ᠴᠢᠩ︶ ᠰᠤᠷᠪᠤᠯᠵᠢᠯᠠᠭᠴᠢ ᠣᠶᠢᠷ᠎ᠠ ᠳᠤ ᠣᠶᠢᠯᠠᠭᠠᠭᠰᠠᠨ ᠢᠶᠠᠷ᠂ ᠰᠠᠶᠢᠬᠠᠨ ᠲᠣᠭᠤᠷᠢᠭ ᠤᠨ ᠬᠢᠩᠭᠠᠨ ᠡᠮᠦᠨ᠎ᠡ ᠵᠠᠮ ᠪᠣᠯᠣᠨ ᠦᠨᠢᠷ ᠵᠡᠭᠦᠨ ᠵᠡᠭᠡᠯᠢ ᠶᠢᠨ ᠠᠭᠤᠯᠵᠠᠷ ᠲᠤ ᠪᠠᠶᠢᠭ᠎ᠠ ᠰᠠᠶᠢᠬᠠᠨ ᠲᠣᠭᠤᠷᠢᠭ ᠤᠨ ᠦᠨᠢᠷ ᠵᠡᠭᠦᠨ ᠵᠡᠭᠡᠯᠢ ᠶᠢᠨ ᠬᠡᠦᠬᠡᠳ ᠤᠨ ᠴᠡᠴᠡᠷᠯᠢᠭ ᠢ ᠡᠨᠡ ᠵᠢᠯ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠠᠶᠢᠨ᠎ᠠ᠂ ᠵᠢᠱᠢᠯᠲᠡ ᠪᠠᠷ 9 ᠠᠩᠭᠢ ᠳᠤ 270 ᠬᠡᠦᠬᠡᠳ ᠡᠯᠰᠡᠬᠦ ᠪᠣᠯᠤᠨ᠎ᠠ᠃      ᠲᠠᠨᠢᠯᠴᠠᠭᠤᠯᠤᠭᠰᠠᠨ ᠢᠶᠠᠷ᠂ ᠰᠠᠶᠢᠬᠠᠨ ᠲᠣᠭᠤᠷᠢᠭ ᠤᠨ ᠥᠨᠢᠷ ᠵᠡᠭᠦᠨ ᠵᠡᠭᠡᠯᠢ ᠶᠢᠨ ᠬᠡᠦᠬᠡᠳ ᠤᠨ ᠴᠡᠴᠡᠷᠯᠢᠭ ᠨᠢ ᠶᠢᠨ ᠴᠧᠩ ᠬᠤᠷᠢᠶᠠᠯᠠᠯ ᠤᠨ ᠬᠦᠷᠢᠶᠡᠨ ᠳᠤ ᠪᠠᠶᠢᠷᠢᠯᠠᠵᠤ᠂ ᠪᠠᠷᠢᠯᠭ᠎ᠠ ᠶᠢᠨ ᠲᠠᠯᠠᠪᠠᠢ ᠨᠢ 2600 ᠭᠠᠷᠤᠢ ᠲᠡᠭᠰᠢ ᠳᠥᠷᠪᠡᠯᠵᠢᠨ ᠮᠧᠲᠷ ᠪᠠᠶᠢᠵᠤ᠂ ᠣᠳᠣᠬᠠᠨ ᠳᠤ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠶᠠᠭ ᠲᠥᠯᠥᠪᠯᠡᠭᠡ ᠶᠣᠰᠣᠭᠠᠷ ᠡᠮᠬᠢ ᠵᠢᠷᠤᠮ ᠲᠠᠢ ᠶᠠᠪᠤᠭᠳᠠᠭᠤᠯᠵᠤ᠂ ᠪᠠᠷᠢᠯᠭ᠎ᠠ ᠳᠠᠭᠤᠰᠤᠭᠰᠠᠨ ᠤ ᠳᠠᠷᠠᠭ᠎ᠠ ᠳᠡᠭᠡᠳᠦ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠬᠦ ᠪᠠ ᠡᠯ᠎ᠡ ᠵᠦᠢᠯ ᠤᠨ ᠣᠷᠴᠢᠨ ᠲᠣᠭᠤᠷᠢᠨ ᠤ ᠦᠨᠡᠯᠡᠯᠲᠡ ᠶᠢ ᠰᠢᠯᠭᠠᠨ ᠪᠠᠶᠢᠴᠠᠭᠠᠵᠤ ᠪᠠᠷᠠᠭᠰᠠᠨ ᠤ ᠳᠠᠷᠠᠭ᠎ᠠ ᠬᠡᠦᠬᠡᠳ ᠤᠨ ᠴᠡᠴᠡᠷᠯᠢᠭ ᠵᠢᠩᠬᠢᠨᠢ ᠪᠠᠷ ᠠᠰᠢᠭᠯᠠᠯᠲᠠ ᠳᠤ ᠣᠷᠣᠬᠤ ᠪᠣᠯᠣᠨ᠎ᠠ᠃       ᠰᠠᠶᠢᠬᠠᠨ ᠲᠣᠭᠤᠷᠢᠭ ᠤᠨ ᠥᠨᠢᠷ ᠵᠡᠭᠦᠨ ᠵᠡᠭᠡᠯᠢ ᠶᠢᠨ ᠬᠡᠦᠬᠡᠳ ᠤᠨ ᠴᠡᠴᠡᠷᠯᠢᠭ ᠪᠣᠯ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠮᠥᠨ᠂ ᠰᠠᠶᠢᠬᠠᠨ ᠲᠣᠭᠤᠷᠢᠭ ᠤᠨ ᠰᠠᠭᠤᠭ᠎ᠠ ᠭᠠᠵᠠᠷ ᠪᠠ ᠡᠷᠦᠬᠡ ᠠᠮᠠ ᠶᠢᠨ ᠲᠠᠩᠰᠠ ᠨᠢ ᠠᠳᠠᠯᠢᠬᠠᠨ ᠴᠡᠴᠡᠷᠯᠢᠭ ᠲᠤ ᠣᠷᠣᠬᠤ ᠨᠠᠰᠤᠨ ᠤ ᠬᠡᠦᠬᠡᠳ ᠢ ᠡᠯᠰᠡᠨ᠎ᠡ᠂ ᠣᠳᠣᠬᠠᠨ ᠳᠤ ᠵᠢᠨᠴᠧᠩ ᠲᠣᠭᠤᠷᠢᠭ ᠤᠨ ᠰᠠᠭᠤᠭ᠎ᠠ ᠭᠠᠵᠠᠷ ᠪᠠ ᠡᠷᠦᠬᠡ ᠠᠮᠠ ᠶᠢᠨ ᠲᠠᠩᠰᠠ ᠨᠢ ᠠᠳᠠᠯᠢᠬᠠᠨ ᠴᠡᠴᠡᠷᠯᠢᠭ ᠲᠤ ᠣᠷᠣᠬᠤ ᠨᠠᠰᠤᠨ ᠤ ᠬᠡᠦᠬᠡᠳ ᠤᠨ ᠴᠡᠴᠡᠷᠯᠢᠭ ᠲᠤ ᠣᠷᠣᠬᠤ ᠬᠡᠷᠡᠭᠴᠡᠭᠡ ᠶᠢ ᠤᠷᠢᠳᠠᠪᠡᠷ ᠬᠠᠩᠭᠠᠬᠤ ᠪᠠᠷ ᠲᠥᠯᠥᠪᠯᠡᠵᠦ ᠪᠠᠶᠢᠨ᠎ᠠ᠂ ᠦᠯᠡᠳᠡᠭᠰᠡᠨ ᠣᠷᠣᠨ ᠲᠤᠭ᠎ᠠ ᠶᠢ ᠪᠤᠰᠤᠳ ᠰᠠᠶᠢᠬᠠᠨ ᠲᠣᠭᠤᠷᠢᠭ ᠤᠨ ᠰᠠᠭᠤᠭ᠎ᠠ ᠭᠠᠵᠠᠷ ᠪᠠ ᠡᠷᠦᠬᠡ ᠠᠮᠠ ᠶᠢᠨ ᠲᠠᠩᠰᠠ ᠨᠢ ᠠᠳᠠᠯᠢᠬᠠᠨ ᠴᠡᠴᠡᠷᠯᠢᠭ ᠲᠤ ᠣᠷᠣᠬᠤ ᠨᠠᠰᠤᠨ ᠤ ᠬᠡᠦᠬᠡᠳ ᠲᠤ ᠬᠠᠩᠭᠠᠨ᠎ᠠ᠃ ᠬᠠᠮᠤᠭ ᠤᠨ ᠡᠴᠦᠰ ᠤᠨ ᠪᠣᠳᠠᠲᠠᠢ ᠬᠤᠯᠪᠣᠭᠳᠠᠯ ᠪᠦᠬᠦᠢ ᠰᠣᠷᠣᠭᠴᠢ ᠡᠯᠰᠡᠬᠦ ᠮᠡᠳᠡᠭᠡ ᠵᠠᠩᠭᠢ ᠶᠢ ᠰᠠᠶᠢᠬᠠᠨ ᠲᠣᠭᠤᠷᠢᠭ ᠤᠨ ᠥᠨᠢᠷ ᠵᠡᠭᠦᠨ ᠵᠡᠭᠡᠯᠢ ᠶᠢᠨ ᠬᠡᠦᠬᠡᠳ ᠤᠨ ᠴᠡᠴᠡᠷᠯᠢᠭ ᠤᠨ ᠸᠢᠴᠠᠲ ᠤᠨ ᠨᠡᠶᠢᠲᠡ ᠶᠢᠨ ᠳ᠋ᠤᠭᠠᠷ ᠠᠴᠠ ᠣᠶᠢᠯᠠᠭᠠᠵᠤ ᠪᠣᠯᠣᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ