ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠦᠴᠢᠷᠳᠡᠯ ᠢ ᠤᠯᠠᠮ ᠨᠢᠭᠡ ᠠᠯᠬᠤᠮ ᠰᠢᠢᠳᠪᠦᠷᠢᠯᠡᠬᠦ ᠠᠷᠭ᠎ᠠ ᠬᠡᠮᠵᠢᠶ᠎ᠡ ᠵᠡᠷᠭᠡ ᠶᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/5/11
      ᠰᠢᠨᠬᠤᠸᠠ ᠬᠤᠷᠢᠶᠠᠨ ᠤ ᠪᠡᠭᠡᠵᠢᠩ ᠤᠨ 5 ᠳ᠋ᠤᠭᠠᠷ ᠰᠠᠷ᠎ᠠ ᠶᠢᠨ 5  ᠤ ᠴᠠᠬᠢᠯᠭᠠᠨ ᠮᠡᠳᠡᠭᠡ  ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 5 ᠳ᠋ᠤᠭᠠᠷ ᠰᠠᠷ᠎ᠠ ᠶᠢᠨ 5 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠦᠴᠢᠷᠳᠡᠯ ᠢ ᠤᠯᠠᠮ ᠨᠢᠭᠡ ᠠᠯᠬᠤᠮ ᠰᠢᠢᠳᠪᠦᠷᠢᠯᠡᠬᠦ ᠠᠷᠭ᠎ᠠ ᠬᠡᠮᠵᠢᠶ᠎ᠡ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠣᠭᠲᠠᠭᠤᠨ ᠠᠵᠢᠯ ᠣᠯᠭᠤᠯᠲᠠ ᠶᠢ ᠪᠠᠲᠤᠯᠠᠬᠤ︔ ᠭᠠᠳᠠᠭᠠᠳᠤ ᠠᠷᠠᠯᠵᠢᠶ᠎ᠠ ᠶᠢᠨ ᠲᠣᠭᠲᠠᠭᠤᠨ ᠢ ᠪᠠᠲᠤᠯᠠᠵᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠠᠬᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠬᠤ᠂ ᠠᠵᠤ ᠠᠬᠤᠢ ᠶᠢ ᠲᠣᠭᠲᠠᠪᠤᠷᠢᠵᠢᠭᠤᠯᠵᠤ ᠠᠵᠤ ᠦᠢᠯᠡᠰ ᠤᠨ ᠬᠡᠯᠬᠢᠶ᠎ᠡ ᠪᠠ  ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠬᠤ ᠳᠤ ᠬᠦᠴᠦᠨ ᠨᠡᠮᠡᠷᠢᠯᠡᠬᠦ ᠶᠢ ᠪᠠᠶᠢᠷᠢᠯᠠᠭᠤᠯᠪᠠ᠃             ᠬᠤᠷᠠᠯ ᠠᠴᠠ ᠵᠢᠭᠠᠭᠰᠠᠨ ᠨᠢ᠂ ᠬᠡᠮᠵᠢᠶ᠎ᠡ ᠪᠠᠷ ᠶᠡᠭᠡ ᠬᠡᠪᠴᠢᠶ᠎ᠡ ᠪᠠᠷ ᠥᠷᠭᠡᠨ ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠣᠯ ᠠᠵᠤ ᠠᠬᠤᠢ ᠶᠢ ᠲᠣᠭᠲᠠᠪᠤᠷᠢᠵᠢᠭᠤᠯᠬᠤ ᠴᠢᠬᠤᠯᠠ ᠰᠠᠭᠤᠷᠢ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠭᠤᠣᠯ ᠲᠤᠯᠭᠠᠭᠤᠷᠢᠯᠠᠯ ᠪᠣᠯᠣᠨ᠎ᠠ᠃ ᠣᠳᠣᠬᠠᠨ ᠳᠤ ᠬᠤᠯᠪᠣᠭᠳᠠᠯ ᠪᠦᠬᠦᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷᠳᠡᠯ ᠢᠯᠡᠳᠲᠡ ᠨᠡᠮᠡᠭᠳᠡᠵᠦ ᠪᠠᠶᠢᠨ᠎ᠠ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠨᠢᠭᠡ ᠳᠤ᠂ ᠨᠢᠭᠡᠨᠲᠡ ᠲᠣᠭᠲᠠᠭᠠᠭᠰᠠᠨ ᠭᠠᠶᠢᠯᠢ ᠪᠤᠴᠠᠭᠠᠬᠤ ᠭᠠᠶᠢᠯᠢ ᠬᠥᠩᠭᠡᠯᠡᠬᠦ ᠰᠦᠢᠳᠬᠡᠯ ᠪᠠᠭᠤᠷᠠᠭᠤᠯᠬᠤ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ᠂ ᠡᠳ᠋ ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠤᠨ ᠬᠡᠮᠵᠢᠶᠡᠨ ᠳᠤ ᠬᠦᠷᠦᠭᠦᠯᠬᠦ ᠶᠢ ᠠᠬᠢᠭᠤᠯᠬᠤ ᠵᠡᠷᠭᠡ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠱᠠᠯᠠᠪᠬᠠᠨ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠥᠷᠲᠡᠭ ᠨᠡᠮᠡᠭᠳᠡᠯ ᠤᠨ ᠭᠠᠶᠢᠯᠢ ᠶᠢᠨ ᠬᠠᠳᠠᠭᠠᠯᠠᠮᠵᠢᠲᠤ ᠪᠠᠷᠢᠴᠠᠭ᠎ᠠ ᠦᠯᠡᠳᠡᠭᠡᠭᠰᠡᠨ ᠭᠠᠶᠢᠯᠢ ᠢ ᠪᠥᠬᠦᠨ ᠢ ᠨᠢ ᠪᠤᠴᠠᠭᠠᠬᠤ ᠶᠢ ᠦᠨᠡᠨ ᠬᠦ ᠪᠠᠲᠤᠯᠠᠵᠤ᠂ ᠨᠥᠬᠦᠴᠡᠯ ᠳᠤ ᠨᠡᠶᠢᠴᠡᠬᠦ ᠳᠤᠮᠳᠠ ᠬᠡᠯᠪᠡᠷᠢ ᠶᠢᠨ ᠠᠵᠤ ᠠᠬᠤᠶᠢᠯᠠᠯ ᠤᠨ ᠭᠠᠶᠢᠯᠢ ᠪᠤᠴᠠᠭᠠᠯᠲᠠ ᠶᠢ ᠴᠤ ᠡᠨᠡ ᠬᠦ ᠬᠤᠭᠤᠴᠠᠭᠠᠨ ᠠᠴᠠ ᠤᠷᠢᠳᠴᠢᠯᠠᠨ ᠳᠠᠭᠤᠰᠬᠠᠬᠤ ᠬᠡᠷᠡᠭᠲᠡᠢ᠃ ᠬᠤᠶᠠᠷ ᠲᠤ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠢᠯᠠᠩᠭᠤᠶ᠎ᠠ ᠮᠥᠩᠭᠦᠨ ᠭᠦᠢᠯᠭᠡᠭᠡᠨ ᠤ ᠳᠡᠮᠵᠢᠯᠭᠡ ᠶᠢ ᠨᠡᠮᠡᠭᠳᠡᠭᠦᠯᠬᠦ ᠬᠡᠷᠡᠭᠲᠡᠢ᠃ ᠡᠨᠡ ᠵᠢᠯ ᠤᠯᠤᠰ ᠤᠨ ᠥᠮᠴᠢᠯᠡᠯᠲᠦ ᠲᠣᠮᠣ ᠬᠡᠯᠪᠡᠷᠢ ᠶᠢᠨ ᠪᠠᠩᠬᠢ ᠶᠢᠨ ᠨᠡᠶᠢᠳᠡᠮ ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ ᠶᠢ 1.6 ᠲᠦᠮᠡᠨ ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠵᠦ᠂ ᠪᠠᠩᠬᠢ ᠶᠢ ᠵᠢᠯᠤᠭᠤᠳᠴᠤ ᠪᠠᠶᠢᠭᠠᠳ ᠰᠠᠨᠠᠭᠠᠴᠢᠯᠠᠭᠠᠲᠤ ᠦᠢᠯᠡᠴᠢᠯᠡᠭᠡ ᠶᠢ ᠨᠢ ᠴᠢᠩᠭᠠᠳᠬᠠᠬᠤ ᠬᠡᠷᠡᠭᠲᠡᠢ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠵᠢᠭᠡᠯᠡᠯᠭᠡ ᠪᠠᠨ ᠵᠣᠬᠢᠰᠲᠠᠢ ᠦᠷᠭᠦᠯᠵᠢᠯᠡᠭᠦᠯᠬᠦ᠂ ᠬᠤᠭᠤᠴᠠᠭ᠎ᠠ ᠪᠠᠨ ᠤᠷᠲᠤᠳᠬᠠᠬᠤ᠂ ᠵᠣᠭᠤᠰ ᠢᠶᠠᠨ ᠪᠤᠴᠠᠭᠠᠬᠤ ᠲᠣᠬᠢᠷᠠᠭᠤᠯᠤᠯᠲᠠ ᠬᠢᠬᠦ ᠨᠢ ᠢᠲᠡᠭᠡᠮᠵᠢ ᠶᠢᠨ ᠲᠡᠮᠳᠡᠭᠯᠡᠯ ᠢ ᠨᠥᠯᠥᠭᠡᠯᠡᠬᠦ ᠦᠭᠡᠢ ᠲᠤᠯᠠ ᠲᠣᠷᠭᠠᠭᠤᠯᠢ ᠶᠢᠨ ᠬᠦᠦ ᠮᠥᠩᠭᠦ ᠬᠤᠷᠢᠶᠠᠬᠤ ᠠᠴᠠ ᠬᠡᠯᠲᠦᠷᠢᠭᠦᠯᠦᠨ᠎ᠡ᠃ ᠤᠯᠤᠰ ᠤᠨ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠠᠭᠤᠷᠢ ᠮᠥᠩᠭᠦ᠂ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠠᠬᠢ ᠲᠤᠬᠠᠶᠢᠯᠠᠭᠰᠠᠨ ᠠᠵᠢᠯ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ ᠬᠡᠷᠡᠭᠲᠡᠢ᠃ ᠲᠠᠪᠴᠠᠩ ᠤᠨ ᠠᠵᠤ ᠠᠬᠤᠢ ᠶᠢᠨ ᠵᠢᠷᠤᠮᠵᠢᠭᠤᠨ ᠪᠥᠭᠡᠳ ᠡᠷᠡᠭᠦᠯ ᠢᠶᠠᠷ ᠬᠥᠭᠵᠢᠬᠦ ᠶᠢ ᠳᠡᠮᠵᠢᠬᠦ ᠪᠣᠳᠠᠲᠠᠢ ᠠᠷᠭ᠎ᠠ ᠬᠡᠮᠵᠢᠶ᠎ᠡ ᠶᠢ ᠲᠦᠷᠭᠡᠳᠬᠡᠨ ᠨᠡᠶᠢᠲᠡᠯᠡᠬᠦ ᠬᠡᠷᠡᠭᠲᠡᠢ᠃ ᠡᠯ᠎ᠡ ᠭᠠᠵᠠᠷ ᠤᠳ ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠥᠭᠡ ᠶᠢᠨ ᠬᠦᠴᠢᠷᠳᠡᠯ ᠢ ᠲᠠᠶᠢᠯᠬᠤ ᠲᠤᠰᠬᠠᠢ ᠪᠡᠯᠡ ᠮᠥᠩᠭᠦ ᠶᠢ ᠲᠣᠬᠢᠷᠠᠭᠤᠯᠵᠤ᠂ ᠡᠵᠡᠩᠨᠡᠯᠲᠡ ᠨᠢ ᠬᠦᠴᠢᠷᠳᠡᠯᠲᠡᠢ ᠳᠤ  ᠨᠢ ᠭᠡᠷ ᠤᠨ ᠲᠦᠷᠢᠶᠡᠰᠦ᠂ ᠳᠠᠭᠠᠭᠠᠯᠲᠠ ᠶᠢᠨ ᠵᠠᠷᠤᠳᠠᠯ᠂ ᠵᠢᠭᠡᠯᠡᠯᠭᠡ ᠶᠢᠨ ᠬᠦᠦ ᠮᠥᠩᠭᠦ ᠵᠡᠷᠭᠡ ᠶᠢᠨ ᠨᠥᠬᠦᠪᠦᠷᠢ ᠣᠯᠭᠤᠬᠤ ᠬᠡᠷᠡᠭᠲᠡᠢ᠃ ᠣᠷᠣᠨ ᠨᠤᠲᠤᠭ ᠢ ᠵᠣᠷᠢᠭᠵᠢᠭᠤᠯᠵᠤ ᠪᠠᠶᠢᠭᠠᠳ ᠵᠢᠵᠢᠭ ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠱᠠᠲᠤ ᠦᠶ᠎ᠡ ᠶᠢᠨ ᠴᠢᠨᠠᠷᠲᠠᠢ ᠬᠠᠷᠠᠭᠠᠯᠵᠠᠯᠲᠤ ᠴᠠᠬᠢᠯᠭᠠᠨ ᠤ ᠦᠨ᠎ᠡ ᠪᠣᠯᠣᠨ ᠤᠰᠤ ᠴᠠᠬᠢᠯᠭᠠᠨ ᠬᠡᠢ ᠬᠡᠷᠡᠭᠯᠡᠬᠦ ᠳᠤ ︽ᠥᠷᠢᠲᠦᠪᠡᠴᠦ ᠬᠠᠩᠭᠠᠬᠤ ᠶᠢ ᠲᠠᠰᠤᠯᠬᠤ ᠦᠭᠡᠢ︾ ᠪᠠᠶᠢᠵᠤ᠂ 6 ᠰᠠᠷ᠎ᠠ ᠶᠢᠨ ᠳᠣᠲᠣᠷ᠎ᠠ ᠨᠥᠬᠦᠵᠦ ᠲᠤᠰᠢᠶᠠᠯᠭᠠᠬᠤ ᠶᠢ ᠬᠡᠷᠡᠭᠵᠢᠭᠦᠯᠬᠦ ᠬᠡᠷᠡᠭᠲᠡᠢ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠥᠷᠭᠡᠨ ᠪᠦᠰᠡ ᠪᠠ ᠲᠤᠰᠬᠠᠢ ᠱᠤᠭᠤᠮ ᠤᠨ ᠳᠤᠮᠳᠠᠴᠢ ᠵᠠᠷᠤᠳᠠᠯ ᠢ ᠳᠠᠬᠢᠨ 10% ᠪᠠᠷ ᠪᠠᠭᠤᠷᠠᠭᠤᠯᠬᠤ ᠬᠡᠷᠡᠭᠲᠡᠢ᠃ ᠭᠤᠷᠪᠠ ᠳᠤ᠂ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ᠂ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠭᠰᠡᠨ ᠲᠠᠩᠰᠠᠨ ᠵᠣᠭᠤᠰ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠵᠥᠷᠢᠯᠳᠦᠭᠡᠨ ᠦᠭᠡᠢ ᠥᠷᠢᠲᠦᠭᠰᠡᠨ ᠵᠣᠭᠤᠰ ᠢ ᠨᠢᠭᠡ ᠶᠢ ᠮᠡᠳᠡᠪᠡᠯ ᠨᠢᠭᠡ ᠶᠢ ᠨᠢ ᠲᠥᠯᠥᠭᠦᠯᠵᠦ ᠳᠠᠭᠤᠰᠬᠠᠬᠤ ᠬᠡᠷᠡᠭᠲᠡᠢ᠃ ᠦᠨᠡᠬᠡᠷ ᠳᠥᠯᠥᠬᠦ ᠳᠤ ᠬᠦᠴᠢᠷᠲᠡᠢ ᠪᠠᠶᠢᠪᠠᠯ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠤᠴᠠᠭᠠᠬᠤ ᠲᠥᠯᠥᠪᠯᠡᠭᠡ ᠶᠢ ᠲᠣᠳᠣᠷᠬᠠᠶᠢᠯᠠᠭᠤᠯᠬᠤ ᠬᠡᠷᠡᠭᠲᠡᠢ᠃ ᠥᠷᠢ ᠥᠭᠴᠡᠭᠡ ᠶᠢ ᠢᠯᠭᠠᠷᠠᠭᠤᠯᠬᠤ ᠶᠠᠪᠤᠳᠠᠯ ᠢ ᠡᠨᠡ ᠵᠢᠯ ᠤᠨ ᠬᠢᠨᠠᠨ ᠪᠤᠳᠤᠬᠤ ᠪᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠭᠡ ᠰᠢᠮᠳᠠᠭᠤᠯᠤᠨ ᠪᠠᠶᠢᠴᠠᠭᠠᠬᠤ ᠶᠢᠨ ᠭᠤᠣᠯᠳᠠᠯᠭ᠎ᠠ ᠳᠤ ᠵᠢᠭᠰᠠᠭᠠᠨ ᠣᠷᠣᠭᠤᠯᠵᠤ᠂ ᠬᠡᠯᠪᠡᠷᠢ ᠶᠢ ᠨᠢ ᠥᠭᠡᠷᠡᠳᠡᠭᠦᠯᠦᠨ ᠥᠷᠢᠲᠦᠬᠦ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠬᠤᠳᠠᠯᠳᠤᠭᠠᠨ ᠤ ᠭᠤᠪᠢᠭᠤᠯᠤᠮᠲᠠ ᠶᠢᠨ ᠭᠤᠪᠢᠭᠤᠯᠭ᠎ᠠ ᠳᠠᠭᠠᠭᠠᠬᠤ ᠬᠤᠭᠤᠴᠠᠭ᠎ᠠ ᠶᠢ ᠪᠣᠭᠤᠨᠢᠰᠬᠠᠬᠤ ᠠᠷᠭ᠎ᠠ ᠬᠡᠮᠵᠢᠶ᠎ᠡ ᠶᠢ ᠱᠠᠯᠠᠪᠬᠠᠨ ᠨᠡᠶᠢᠲᠡᠯᠡᠬᠦ ᠬᠡᠷᠡᠭᠲᠡᠢ ᠭᠡᠵᠡᠢ᠃ ᠬᠤᠷᠠᠯ ᠠᠴᠠ ᠴᠢᠬᠤᠯᠠᠴᠢᠯᠠᠭᠰᠠᠨ ᠨᠢ᠂ ᠬᠠᠷᠢᠭᠤᠴᠠᠯᠭ᠎ᠠ ᠢᠯᠠᠩᠭᠤᠶ᠎ᠠ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠲᠦᠭᠵᠢᠷᠡᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ ᠭᠡᠵᠡᠢ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠬᠠᠪᠰᠤᠷᠤᠨ ᠲᠡᠳᠬᠦᠵᠦ ᠬᠦᠴᠢᠷᠳᠡᠯ ᠪᠠ ᠥᠷᠢᠰᠦᠯᠳᠦᠭᠡᠨ ᠢ ᠠᠷᠭᠠᠴᠠᠭᠠᠬᠤ ᠶᠢᠨ ᠲᠤᠰᠠᠳᠠ᠂ ᠬᠤᠷᠠᠯ ᠠᠴᠠ ᠲᠣᠭᠲᠠᠭᠠᠭᠰᠠᠨ ᠨᠢ᠂ ᠨᠢᠭᠡ ᠳᠤ᠂ ᠵᠠᠬᠢᠶᠠᠯᠠᠭ᠎ᠠ ᠶᠢᠨ ᠬᠠᠭᠤᠳᠠᠰᠤ ᠶᠢ ᠪᠠᠲᠤᠯᠠᠬᠤ ᠪᠠ ᠭᠤᠣᠯᠳᠠᠯᠭ᠎ᠠ ᠲᠠᠢ ᠠᠵᠢᠯ ᠲᠦᠷᠦᠯ᠂ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠢᠯ ᠲᠦᠷᠦᠯ ᠤᠨ ᠭᠠᠳᠠᠭᠠᠳᠤ ᠣᠷᠤᠭᠤᠯᠤᠯᠲᠠ ᠭᠠᠳᠠᠭᠠᠳᠤ ᠭᠠᠷᠭᠠᠯᠲᠠ ᠶᠢ ᠬᠦᠴᠦᠯᠡᠨ ᠪᠠᠲᠤᠯᠠᠬᠤ ᠬᠡᠷᠡᠭᠲᠡᠢ᠃ ᠭᠠᠳᠠᠭᠠᠳᠤ ᠠᠷᠠᠯᠵᠢᠶᠠᠨ ᠤ ᠬᠦᠷᠢᠶᠡᠨ ᠳᠠᠬᠢ ᠦᠢᠯᠡᠳᠪᠦᠷᠢᠯᠡᠯ ᠭᠦᠢᠯᠭᠡᠭᠡᠨ ᠤ ᠲᠣᠭᠲᠠᠭᠤᠨ ᠪᠠᠶᠢᠬᠤ ᠶᠢ ᠪᠠᠲᠤᠯᠠᠵᠤ᠂ ᠭᠤᠣᠯᠳᠠᠯᠭ᠎ᠠ ᠲᠠᠢ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠵᠡᠷᠭᠡ ᠶᠢᠨ ᠨᠡᠷᠡᠰ ᠤᠨ ᠵᠢᠭᠰᠠᠭᠠᠯᠲᠠ ᠶᠢ ᠲᠣᠭᠲᠠᠭᠠᠬᠤ ᠶᠢᠨ ᠬᠠᠮᠲᠤ ᠦᠢᠯᠡᠳᠪᠦᠷᠢᠯᠡᠯ᠂ ᠪᠠᠷᠠᠭᠠᠨ ᠤ ᠭᠦᠢᠯᠭᠡᠭᠡ᠂ ᠠᠵᠢᠯᠴᠢᠨ ᠬᠡᠷᠡᠭᠯᠡᠬᠦ ᠲᠠᠯ᠎ᠠ ᠪᠠᠷ ᠪᠠᠲᠤᠯᠠᠬᠤ ᠬᠡᠷᠡᠭᠲᠡᠢ᠃ ᠬᠤᠶᠠᠷ ᠲᠤ᠂ ᠲᠠᠯᠠᠢ ᠠᠭᠠᠷ ᠤᠨ ᠭᠠᠷᠠᠮ ᠵᠡᠷᠭᠡ ᠲᠥᠪᠯᠡᠷᠡᠭᠦᠯᠵᠦ ᠲᠠᠷᠬᠠᠭᠠᠬᠤ ᠲᠡᠭᠡᠭᠡᠪᠦᠷᠢ ᠶᠢ ᠬᠦᠴᠦᠲᠡᠢ ᠪᠥᠭᠡᠳ ᠡᠮᠬᠢ ᠵᠢᠷᠤᠮ ᠲᠠᠢ ᠪᠠᠷ ᠨᠠᠪᠲᠠᠷᠡᠭᠦᠯᠵᠦ᠂ ᠠᠵᠢᠯᠯᠠᠬᠤ ᠪᠠ ᠪᠣᠭᠤᠮᠲᠠ ᠪᠠᠷ ᠥᠩᠭᠡᠷᠡᠬᠦ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠠᠭᠠᠷ ᠤᠨ ᠲᠡᠭᠡᠭᠡᠪᠦᠷᠢ ᠶᠢᠨ ᠪᠠᠷᠠᠭ᠎ᠠ ᠲᠡᠭᠡᠭᠡᠪᠦᠷᠢᠯᠡᠬᠦ ᠬᠦᠴᠦᠨ ᠢ ᠰᠠᠶᠢᠲᠤᠷ ᠬᠡᠷᠡᠭᠯᠡᠵᠦ᠂ ᠴᠢᠬᠤᠯᠠ ᠰᠡᠯᠪᠢᠭ ᠲᠤᠨᠤᠭ᠂ ᠲᠣᠨᠣᠭᠯᠠᠯ ᠪᠠ ᠦᠢᠯᠡᠳᠬᠦᠨ ᠤ ᠲᠡᠭᠡᠭᠡᠪᠦᠷᠢ ᠶᠢ ᠪᠠᠲᠤᠯᠠᠬᠤ ᠬᠡᠷᠡᠭᠲᠡᠢ᠃ ᠭᠠᠳᠠᠭᠠᠳᠤ ᠠᠷᠠᠯᠵᠢᠶᠠᠨ ᠤ ᠪᠠᠷᠠᠭᠠᠨ ᠤ ᠲᠡᠭᠡᠭᠡᠪᠦᠷᠢ ᠶᠢᠨ ᠦᠨ᠎ᠡ ᠶᠢᠨ ᠲᠠᠯ᠎ᠠ ᠪᠠᠷ ᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠭᠤᠷᠪᠠ ᠳᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠭᠠᠷᠭᠠᠯᠲᠠ ᠶᠢᠨ ᠪᠠᠷᠠᠭ᠎ᠠ ᠪᠤᠴᠠᠭᠠᠬᠤ ᠪᠠ ᠰᠣᠯᠢᠬᠤ ᠳᠤ ᠲᠦᠬᠦᠮ ᠦᠵᠡᠭᠦᠯᠬᠦ ᠲᠦᠷᠦ ᠶᠢᠨ ᠪᠣᠳᠣᠯᠭ᠎ᠠ ᠶᠢ ᠲᠦᠷᠭᠡᠨ ᠲᠣᠭᠲᠠᠭᠠᠵᠤ᠂ ᠨᠥᠬᠦᠴᠡᠯ ᠳᠤ ᠨᠡᠶᠢᠴᠡᠬᠦ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠮᠡᠳᠡᠭᠦᠯᠬᠦ ᠶᠢ ᠳᠡᠮᠵᠢᠬᠦ ᠬᠡᠷᠡᠭᠲᠡᠢ᠃ ᠡᠳ᠋ᠰᠢᠭᠦᠯᠬᠦ ᠠᠷᠠᠯᠵᠢᠶ᠎ᠠ ᠶᠢᠨ ᠲᠣᠭᠲᠠᠭᠤᠨ ᠢᠶᠠᠷ ᠬᠥᠭᠵᠢᠬᠦ ᠶᠢ ᠲᠡᠮᠵᠢᠵᠤ᠂ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠪᠠ ᠵᠡᠭᠦᠨ ᠬᠤᠶᠢᠲᠤ ᠣᠷᠣᠨ ᠤ ᠬᠥᠳᠡᠯᠮᠦᠷᠢ ᠬᠤᠷᠠᠭᠰᠠᠨ ᠬᠡᠯᠪᠡᠷᠢ ᠶᠢᠨ ᠡᠳ᠋ᠰᠢᠭᠦᠯᠬᠦ ᠠᠷᠠᠯᠵᠢᠶ᠎ᠠ ᠶᠢ ᠤᠯᠤᠰ ᠤᠨ ᠵᠣᠷᠢᠭᠵᠢᠭᠤᠯᠬᠤ ᠠᠵᠤ ᠦᠢᠯᠡᠰ ᠤᠨ ᠭᠠᠷᠴᠠᠭ ᠲᠤ ᠣᠷᠣᠭᠤᠯᠬᠤ ᠬᠡᠷᠡᠭᠲᠡᠢ᠃ ᠲᠣᠮᠣ ᠬᠡᠯᠪᠡᠷᠢ ᠶᠢᠨ ᠡᠮᠴᠢᠯᠡᠭᠡᠨ ᠤ ᠲᠥᠬᠦᠭᠡᠷᠦᠮᠵᠢ᠂ ᠮᠠᠰᠢᠨ ᠬᠥᠮᠥᠨ ᠵᠡᠷᠭᠡ ᠶᠢ ᠭᠠᠶᠢᠯᠢ ᠪᠠᠲᠤᠯᠠᠬᠤ ᠰᠡᠯᠪᠢᠨ ᠵᠠᠰᠠᠬᠤ ᠬᠦᠷᠢᠶ᠎ᠡ ᠬᠡᠪᠴᠢᠶᠡᠨ ᠳᠤ ᠣᠷᠣᠭᠤᠯᠬᠤ ᠶᠢ ᠰᠦᠪᠡᠭᠴᠢᠯᠡᠵᠦ᠂ ᠮᠠᠰᠢᠨ ᠲᠡᠷᠭᠡᠨ ᠤ ᠬᠥᠳᠡᠯᠭᠡᠭᠦᠷ ᠵᠡᠷᠭᠡ ᠭᠠᠶᠢᠯᠢ ᠪᠠᠲᠤᠯᠠᠬᠤ ᠳᠠᠬᠢᠨ ᠦᠶᠯᠡᠳᠬᠦ ᠲᠤᠷᠰᠢᠯᠲᠠ ᠶᠢ ᠥᠷᠨᠢᠭᠦᠯᠬᠦ ᠬᠡᠷᠡᠭᠲᠡᠢ᠃ ᠳᠥᠷᠪᠡ ᠳᠤ᠂ ᠳᠤᠮᠳᠠ ᠵᠢᠵᠢᠭ ᠪᠢᠴᠢᠯ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠲᠠᠯᠪᠢᠬᠤ ᠶᠢ ᠴᠢᠩᠭᠠᠳᠬᠠᠵᠤ᠂ ᠪᠠᠩᠬᠢ ᠠᠴᠠ ᠲᠦᠷ ᠴᠠᠭ ᠬᠦᠴᠢᠷᠳᠡᠯ ᠳᠤ ᠲᠤᠯᠭᠠᠷᠠᠭᠰᠠᠳ ᠠᠴᠠ ᠰᠣᠬᠤᠷ ᠪᠠᠯᠠᠢ ᠪᠠᠷ ᠵᠢᠭᠡᠯᠡᠯᠭᠡ ᠲᠠᠲᠠᠬᠤ ᠦᠭᠡᠢ᠂ ᠵᠢᠭᠡᠯᠡᠯᠭᠡ ᠲᠠᠰᠤᠯᠬᠤ ᠦᠭᠡᠢ᠂ ᠵᠢᠭᠡᠯᠡᠯᠭᠡ ᠳᠠᠷᠤᠬᠤ ᠦᠭᠡᠢ ᠪᠠᠶᠢᠬᠤ ᠶᠢ  ᠨᠢ ᠳᠡᠮᠵᠢᠵᠦ᠂ ᠨᠢᠭᠡ ᠪᠦᠯᠦᠭ ᠪᠡᠯᠡ ᠮᠥᠩᠭᠦ ᠪᠠᠴᠢᠮ ᠬᠡᠷᠡᠭᠰᠡᠭᠰᠡᠳ ᠢ ᠡᠮᠬᠢᠯᠡᠨ ᠳᠢᠭᠯᠡᠵᠦ ᠭᠤᠣᠯᠳᠠᠯᠭ᠎ᠠ ᠲᠠᠢ ᠪᠠᠷ ᠳᠡᠮᠵᠢᠯᠭᠡ ᠦᠵᠡᠭᠦᠯᠬᠦ ᠬᠡᠷᠡᠭᠲᠡᠢ᠃ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠣᠬᠤᠷ ᠬᠤᠭᠤᠴᠠᠭᠠᠨ ᠤ ᠳᠠᠭᠠᠳᠬᠠᠯ ᠤᠨ ᠬᠡᠪᠴᠢᠶ᠎ᠡ ᠶᠢ ᠥᠷᠭᠡᠳᠬᠡᠵᠦ᠂ ᠲᠦᠯᠦᠬᠦ ᠴᠠᠭ ᠢ ᠨᠢ ᠪᠣᠭᠤᠨᠢᠰᠬᠠᠬᠤ ᠬᠡᠷᠡᠭᠲᠡᠢ᠃ ᠢᠲᠡᠭᠡᠮᠵᠢ ᠶᠢᠨ ᠳᠠᠭᠠᠳᠬᠠᠯ ᠤᠨ ᠬᠠᠭᠤᠳᠠᠰᠤ ᠪᠠᠷ ᠪᠡᠯᠡ ᠲᠣᠬᠢᠷᠠᠭᠤᠯᠬᠤ ᠶᠢ ᠨᠡᠮᠡᠭᠳᠡᠭᠦᠯᠬᠦ ᠬᠡᠷᠡᠭᠲᠡᠢ᠃ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠶᠢ ᠵᠣᠬᠢᠰᠲᠠᠢ ᠪᠥᠭᠡᠳ ᠲᠡᠩᠴᠡᠭᠦᠷᠢᠲᠡᠢ ᠬᠡᠮᠵᠢᠶᠡᠨ ᠳᠤ ᠦᠨᠳᠦᠰᠦᠨ ᠳᠤ ᠪᠠᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠲᠠᠪᠤ ᠳᠤ᠂ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ ᠵᠡᠷᠭᠡ ᠲᠠᠪᠴᠠᠩ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ  ᠯᠤᠭ᠎ᠠ ᠬᠤᠯᠪᠤᠭᠠᠯᠠᠨ ᠬᠥᠳᠡᠯᠦᠯᠴᠡᠵᠦ ᠬᠠᠷᠢᠯᠴᠠᠨ ᠠᠬᠢᠭᠤᠯᠬᠤ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠭᠠᠳᠠᠭᠠᠳᠤ ᠠᠵᠤ ᠠᠬᠤᠢ ᠠᠷᠠᠯᠵᠢᠶᠠᠨ ᠤ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠢᠯᠢ ᠶᠢᠨ ᠭᠠᠳᠠᠨᠠᠬᠢ ᠦᠵᠡᠰᠬᠦᠯᠡᠩ ᠳᠤ ᠣᠷᠤᠯᠴᠠᠬᠤ ᠶᠢ ᠳᠡᠮᠵᠢᠬᠦ ᠬᠡᠷᠡᠭᠲᠡᠢ᠃ ᠭᠠᠳᠠᠭᠠᠳᠤ ᠣᠷᠤᠭᠤᠯᠤᠯᠲᠠ ᠶᠢᠨ ᠠᠷᠠᠯᠵᠢᠶ᠎ᠠ ᠶᠢᠨ ᠰᠢᠨ᠎ᠡ ᠶᠢ ᠡᠭᠦᠳᠦᠭᠰᠡᠨ ᠨᠢᠭᠡ ᠪᠦᠯᠦᠭ ᠰᠢᠨ᠎ᠡ ᠵᠢᠱᠢᠶ᠎ᠡ ᠦᠵᠡᠭᠦᠯᠬᠦ ᠣᠷᠣᠨ ᠢ ᠪᠣᠶᠢᠵᠢᠭᠤᠯᠬᠤ ᠬᠡᠷᠡᠭᠲᠡᠢ᠃             ᠬᠤᠷᠠᠯ ᠳᠤ ᠪᠤᠰᠤᠳ ᠵᠦᠢᠯ ᠢ ᠰᠤᠳᠤᠯᠪᠠ᠃
ᠢᠷᠡᠯᠲᠡ᠄ ᠦᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ