ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ 5 ᠳ᠋ᠤᠭᠠᠷ ᠰᠠᠷ᠎ᠠ ᠶᠢᠨ 6 ᠤ ᠡᠳᠦᠷ ᠤᠨ ᠦᠳᠡ | ᠶᠢᠨ ᠬᠤᠶᠢᠨᠠᠬᠢ 3 ᠴᠠᠭ ᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠴᠠᠭ | ᠮᠦᠴᠡ ᠶᠢ ᠠᠯᠳᠠᠯ ᠦᠭᠡᠢ᠂ ᠰᠢᠨᠵᠢᠯᠡᠬᠦ ᠤᠬᠠᠭᠠᠨᠴᠢ ᠨᠠᠷᠢᠯᠢᠭ ᠣᠨᠤᠴᠠᠲᠠᠢ ᠪᠠᠷ᠂ ᠪᠤᠲᠠᠲᠠᠢ ᠪᠦᠭᠡᠳ ᠨᠠᠷᠢᠯᠢᠭ ᠠᠳᠬᠤᠵᠤ ᠪᠠᠶᠢᠭ᠎ᠠ ᠬᠤᠯᠪᠤᠭᠳᠠᠯ ᠪᠦᠬᠦᠢ | ᠪᠠᠶᠢᠳᠠᠯ ᠢ ᠲᠠᠨᠢᠯᠴᠠᠭᠤᠯᠵᠠᠢ᠃ ᠬᠠᠮᠲᠤ ᠪᠠᠷ ᠠᠩᠬᠠᠷᠤᠯ ᠳᠠᠭᠠᠨ ᠠᠪᠴᠠᠭᠠᠶ᠎ᠠ︕ | 21 ᠮᠤᠵᠢ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠪᠦᠬᠦ ᠣᠷᠤᠨ ᠪᠦᠰᠡ ᠪᠠᠷ ᠢᠶᠠᠨ ᠳᠣᠣᠷ᠎ᠠ | ᠲᠦᠭᠰᠢᠭᠦᠷᠢᠲᠡᠢ ᠭᠠᠵᠠᠷ ᠣᠷᠣᠨ ᠪᠣᠯᠬᠤ ᠪᠣᠯᠪᠠᠴᠤ ᠬᠢᠵᠢᠭ ᠤᠨ ᠪᠠᠶᠢᠳᠠᠯ ᠮᠥᠨ ᠬᠦ ᠳᠠᠬᠢᠨ ᠦᠷᠪᠢᠰᠬᠦ ᠲᠦᠭᠰᠢᠭᠦᠷᠢ ᠣᠷᠣᠰᠢᠵᠤ ᠪᠠᠶᠢᠨ᠎ᠠ | 4 ᠳ᠋ᠦ᠋ᠭᠡᠷ ᠰᠠᠷ᠎ᠠ ᠶᠢᠨ ᠳᠤᠮᠳᠠᠴᠢ ᠠᠴᠠ ᠨᠠᠭᠠᠰᠢ᠂ ᠮᠠᠨ ᠤ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠦᠷᠭᠦᠯᠵᠢᠯᠡᠨ ᠬᠡᠯᠪᠡᠯᠵᠡᠨ ᠪᠠᠭᠤᠷᠠᠬᠤ | ᠬᠠᠨᠳᠤᠰᠢ ᠲᠠᠢ ᠪᠠᠶᠢᠵᠤ᠂ ︽5.1︾ ᠤ ᠠᠮᠠᠷᠠᠯᠲᠠ ᠶᠢᠨ ᠬᠤᠭᠤᠴᠠᠭᠠᠨ ᠳᠤ ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠲᠣᠭᠲᠠᠭᠤᠨ ᠪᠣᠯᠵᠤ᠂ | 4 ᠳ᠋ᠦ᠋ᠭᠡᠷ ᠰᠠᠷ᠎ᠠ ᠶᠢᠨ 30 ᠤ ᠡᠳᠦᠷ ᠠᠴᠠ 5 ᠳ᠋ᠤᠭᠠᠷ ᠰᠠᠷ᠎ᠠ ᠶᠢᠨ 5 ᠤ ᠡᠳᠦᠷ ᠪᠣᠯᠲᠠᠯ᠎ᠠ᠂ ᠪᠥᠬᠦ ᠤᠯᠤᠰ ᠤᠨ ᠡᠳᠦᠷ ᠳᠤᠮᠳᠠᠴᠢ ᠶᠢᠨ ᠰᠢᠨ᠎ᠡ ᠪᠠᠷ | ᠨᠡᠮᠡᠭᠳᠡᠭᠰᠡᠨ ᠬᠠᠯᠳᠠᠪᠤᠷᠢᠯᠠᠭᠳᠠᠭᠴᠢ ᠪᠠᠷᠤᠭ 5800 ᠭᠠᠷᠤᠢ ᠵᠢᠱᠢᠶ᠎ᠡ ᠳᠤ ᠬᠦᠷᠴᠦ᠂ ᠣᠷᠭᠢᠯ ᠤᠨ ᠬᠤᠭᠤᠴᠠᠭᠠᠨ ᠤ ᠬᠢ ᠠᠴᠠ 80% ᠪᠠᠷ ᠪᠠᠭᠤᠷᠠᠪᠠ᠃ ᠱᠠᠩᠬᠠᠢ | ᠬᠤᠲᠠ ᠶᠢᠨ ᠬᠢᠵᠢᠭ ᠤᠨ ᠪᠠᠶᠢᠳᠠᠯ ᠨᠢ ᠣᠶᠢᠷ᠎ᠠ ᠶᠢᠨ ᠬᠤᠭᠤᠴᠠᠭᠠᠨ ᠳᠤ ᠡᠳᠦᠷ ᠪᠦᠷᠢ ᠶᠢᠨ ᠰᠢᠨ᠎ᠡ ᠪᠠᠷ ᠨᠡᠮᠡᠭᠳᠡᠬᠦ ᠬᠠᠯᠳᠠᠪᠤᠷᠢᠯᠠᠭᠳᠠᠭᠴᠢ ᠶᠢᠨ ᠲᠤᠭ᠎ᠠ ᠦᠷᠭᠦᠯᠵᠢᠯᠡᠨ | ᠪᠠᠭᠠᠰᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠦᠷᠭᠦᠯᠵᠢᠯᠡᠨ ᠲᠣᠭᠲᠠᠭᠤᠨ ᠪᠣᠯᠬᠤ ᠬᠠᠨᠳᠤᠰᠢ ᠲᠠᠢ︔ ᠭᠢᠷᠢᠨ ᠮᠤᠵᠢ ᠶᠢᠨ ᠬᠢᠵᠢᠭ ᠤᠨ | ᠪᠠᠶᠢᠳᠠᠯ ᠮᠥᠨ ᠬᠦ ᠰᠡᠭᠦᠯ ᠬᠤᠷᠢᠶᠠᠬᠤ ᠱᠠᠲᠤᠨ ᠳᠤ ᠪᠠᠨ ᠪᠠᠶᠢᠵᠤ᠂ ᠲᠤᠰᠠᠭᠠᠷᠯᠠᠬᠤ ᠴᠡᠭ ᠪᠠ ᠪᠢᠲᠡᠭᠦᠮᠵᠢᠯᠡᠨ ᠡᠵᠡᠮᠳᠡᠬᠦ ᠣᠷᠣᠨ ᠠᠴᠠ ᠭᠠᠳᠠᠨᠠᠬᠢ ᠲᠦᠭᠰᠢᠭᠦᠷᠢ ᠶᠢ | ᠦᠨᠳᠦᠰᠦᠨ ᠳᠤ ᠪᠠᠨ ᠡᠵᠡᠮᠳᠡᠪᠡ︔ ᠪᠡᠭᠡᠵᠢᠩ ᠬᠤᠲᠠ ᠶᠢᠨ ᠬᠢᠵᠢᠭ ᠤᠨ ᠪᠠᠶᠢᠳᠠᠯ ᠨᠢ ᠣᠷᠣᠨ ᠬᠡᠪᠴᠢᠶᠡᠨ ᠤ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠬᠢᠬᠦ | ᠪᠠ ᠨᠢᠭᠲᠠ ᠣᠶᠢᠷᠠᠳᠤᠭᠰᠠᠳ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠪᠠᠷ ᠳᠡᠮᠵᠢᠨ᠂ ᠬᠢᠵᠢᠭ ᠲᠠᠷᠬᠠᠬᠤ ᠲᠦᠭᠰᠢᠭᠦᠷᠢ ᠨᠢᠭᠡᠨᠲᠡ ᠨᠡᠯᠢᠶᠡᠳ ᠪᠠᠭᠤᠷᠠᠭᠰᠠᠨ | ᠪᠠᠶᠢᠨ᠎ᠠ︔ ᠵᠢᠶᠠᠩᠰᠢ ᠮᠤᠵᠢ ᠶᠢᠨ ᠨᠠᠨᠴᠠᠩ ᠬᠤᠲᠠ ᠶᠢᠨ ᠬᠢᠵᠢᠭ ᠤᠨ ᠪᠠᠶᠢᠳᠠᠯ ᠢ ᠨᠢᠭᠡᠨᠲᠡ ᠪᠦᠲᠦᠮᠵᠢᠲᠡᠶ ᠡᠵᠡᠮᠳᠡᠭᠰᠡᠨ ᠪᠣᠯᠪᠠᠴᠤ ᠱᠠᠩ ᠷᠣᠣ ᠬᠤᠲᠠ ᠶᠢᠨ | ᠬᠢᠵᠢᠭ ᠤᠨ ᠪᠠᠶᠢᠳᠠᠯ ᠨᠢ ᠰᠢᠭᠰᠢᠨ ᠪᠠᠶᠢᠴᠠᠭᠠᠬᠤ ᠪᠠ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠬᠤ ᠴᠢᠬᠤᠯᠠᠲᠠᠢ ᠪᠠᠶᠢᠨ᠎ᠠ︔ ᠯᠢᠶᠣᠤᠨᠢᠩ᠂ ᠵᠧᠵᠢᠶᠠᠩ᠂ | ᠾᠧᠨᠠᠨ ᠵᠡᠷᠭᠡ ᠭᠠᠵᠠᠷ ᠲᠤ ᠣᠶᠢᠷ᠎ᠠ ᠶᠢᠨ ᠬᠤᠭᠤᠴᠠᠭᠠᠨ ᠳᠤ ᠬᠠᠯᠳᠠᠪᠤᠷᠢᠯᠠᠯ ᠤᠨ ᠢᠷᠡᠯᠲᠡ ᠨᠢ ᠲᠣᠳᠣᠷᠬᠠᠢ ᠦᠭᠡᠢ ᠬᠢᠵᠢᠭ ᠤᠨ ᠪᠠᠶᠢᠳᠠᠯ ᠰᠢᠨ᠎ᠡ ᠪᠠᠷ ᠡᠭᠦᠰᠴᠦ᠂ | ᠨᠢᠭᠤᠭᠳᠠᠮᠠᠯ ᠴᠢᠨᠠᠷᠲᠠᠢ ᠪᠠᠷ ᠲᠠᠷᠬᠠᠨ ᠳᠡᠯᠭᠡᠷᠡᠬᠦ ᠲᠦᠭᠰᠢᠭᠦᠷᠢ ᠣᠷᠤᠰᠢᠵᠤ᠂ ᠤᠭ ᠦᠨᠳᠦᠰᠦ ᠶᠢ ᠨᠢ ᠡᠷᠢᠵᠦ ᠪᠠᠶᠢᠴᠠᠭᠠᠬᠤ ᠪᠠ ᠬᠠᠮᠢᠶᠠᠷᠤᠨ ᠡᠵᠡᠮᠳᠡᠵᠦ ᠰᠡᠷᠭᠡᠶᠢᠯᠡᠬᠦ | ᠬᠦᠴᠢᠷᠳᠡᠯ ᠨᠡᠮᠡᠭᠳᠡᠵᠡᠢ᠃ | ᠣᠲᠣ ᠪᠣᠯᠲᠠᠯ᠎ᠠ᠂ 21 ᠮᠤᠵᠢ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠪᠥᠬᠦ ᠣᠷᠣᠨ ᠪᠦᠰᠡ ᠪᠠᠷ ᠢᠶᠠᠨ | ᠳᠣᠣᠷ᠎ᠠ ᠲᠦᠭᠰᠢᠭᠦᠷᠢᠲᠡᠢ ᠭᠠᠵᠠᠷ ᠣᠷᠣᠨ ᠪᠣᠯᠬᠤ ᠪᠣᠯᠪᠠᠴᠤ ᠬᠢᠵᠢᠭ ᠤᠨ ᠪᠠᠶᠢᠳᠠᠯ ᠮᠥᠨ ᠬᠦ ᠳᠠᠬᠢᠨ ᠦᠷᠪᠢᠰᠬᠦ ᠲᠦᠭᠰᠢᠭᠦᠷᠢ ᠣᠷᠣᠰᠢ᠊ᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠪᠥᠭᠡᠳ ᠪᠤᠳᠤᠯᠢᠶᠠᠨᠲᠠᠢ ᠪᠠᠶᠢᠨ᠎ᠠ᠃ | 5 ᠳ᠋ᠤᠭᠠᠷ ᠰᠠᠷ᠎ᠠ ᠶᠢᠨ 5 ᠤ ᠡᠳᠦᠷ᠂ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠢᠯᠡᠷᠬᠡᠶᠢᠯᠡᠭᠰᠡᠨ ᠢᠶᠠᠷ᠂ 2020 ᠣᠨ ᠪᠠ | 2021 ᠣᠨ ᠳᠤ᠂ ᠪᠥᠬᠦ ᠳᠡᠯᠡᠬᠡᠢ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠶᠡᠭᠡ ᠳᠡᠯᠭᠡᠷᠡᠯᠲᠡ ᠲᠠᠢ ᠰᠢᠭᠤᠳ ᠪᠤᠶᠤ ᠳᠠᠮ ᠤᠨ ᠬᠤᠯᠪᠤᠭ᠎ᠠ ᠪᠠᠷ | ᠦᠬᠦᠭᠰᠡᠨ ᠬᠥᠮᠥᠨ ᠤ ᠲᠤᠭ᠎ᠠ ᠪᠠᠷᠤᠭ 1490 ᠲᠦᠮᠡ ᠳᠤ ᠬᠦᠷᠴᠡᠢ᠃ ᠣᠳᠣᠬᠠᠨ ᠳᠤ᠂ ᠪᠥᠬᠦ ᠳᠡᠯᠡᠬᠡᠢ ᠶᠢᠨ ᠬᠢᠵᠢᠭ ᠤᠨ ᠪᠠᠶᠢᠳᠠᠯ ᠮᠥᠨ ᠬᠦ ᠥᠨᠳᠥᠷ | ᠪᠠᠶᠢᠷᠢᠨ ᠳᠤ ᠪᠠᠶᠢᠵᠤ᠂ ᠸᠢᠷᠦ᠋ᠰ ᠮᠥᠨ ᠯᠡ ᠲᠠᠰᠤᠷᠠᠯᠲᠠ ᠦᠭᠡᠢ ᠬᠤᠪᠢᠰᠴᠤ ᠪᠠᠶᠢᠨ᠎ᠠ᠃ | ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠥᠬᠦ ᠲᠠᠯ᠎ᠠ ᠪᠠᠷ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ︽ᠰᠢᠨᠵᠢᠯᠡᠬᠦ | ᠤᠬᠠᠭᠠᠨᠴᠢ ᠨᠠᠷᠢᠯᠢᠭ ᠣᠨᠣᠴᠠᠲᠠᠢ᠂ ᠡᠪᠡᠳᠴᠢᠨ ᠤ ᠵᠢᠱᠢᠶ᠎ᠡ ᠶᠢ ᠬᠦᠳᠡᠯᠦᠩᠭᠦᠢ ᠪᠠᠷ ᠦᠭᠡᠢ ᠪᠣᠯᠭᠠᠬᠤ︾ ᠳᠥᠷᠪᠡᠳᠦᠭᠡᠷ ᠱᠠᠲᠤᠨ ᠳᠤ ᠣᠷᠣᠪᠠ | 2020 ᠣᠨ ᠠᠴᠠ ᠨᠠᠭᠠᠰᠢ᠂ ᠮᠠᠨ ᠤ ᠤᠯᠤᠰ ᠤᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠶᠡᠭᠡ ᠲᠥᠯᠥᠪ᠄ ᠭᠡᠨᠡᠳᠲᠡ ᠶᠢᠨ ᠬᠢᠵᠢᠭ ᠤᠨ ᠪᠠᠶᠢᠳᠠᠯ ᠢ ᠠᠷᠭᠠᠴᠠᠭᠠᠬᠤ ᠪᠦᠰᠡᠯᠡᠨ ᠬᠤᠷᠢᠭᠯᠠᠬᠤ ᠱᠠᠲᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠠᠶᠢᠨ ᠰᠦᠪᠡᠭᠴᠢᠯᠡᠬᠦ ᠱᠠᠲᠤ᠂ ᠪᠥᠬᠦ ᠬᠡᠯᠬᠢᠶ᠎ᠡ ᠪᠠᠷ ᠰᠡᠷᠭᠡᠶᠢᠯᠡᠨ ᠡᠵᠡᠮᠳᠡᠬᠦ ︽ᠡᠪᠡᠳᠴᠢᠨ ᠤ ᠵᠢᠱᠢᠶ᠎ᠡ ᠶᠢ ᠬᠦᠳᠡᠯᠦᠩᠭᠦᠢ ᠪᠠᠷ ᠦᠭᠡᠢ | ᠪᠣᠯᠭᠠᠬᠤ︾ ᠱᠠᠲᠤ᠂ ᠪᠥᠬᠦ ᠲᠠᠯ᠎ᠠ ᠪᠠᠷ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ︽ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ᠂ ᠡᠪᠡᠳᠴᠢᠨ ᠤ ᠵᠢᠱᠢᠶ᠎ᠡ ᠶᠢ | ᠬᠦᠳᠡᠯᠦᠩᠭᠦᠢ ᠪᠠᠷ ᠦᠭᠡᠢ ᠪᠣᠯᠭᠠᠬᠤ︾ ᠱᠠᠲᠤ ᠭᠡᠬᠦ ᠳᠦᠷᠪᠡᠨ ᠱᠠᠲᠤ ᠬᠤᠪᠢᠶᠠᠵᠤ ᠪᠣᠯᠤᠨ᠎ᠠ᠃ ᠡᠨᠡ ᠵᠢᠯ ᠤᠨ 3 ᠳ᠋ᠤᠭᠠᠷ ᠰᠠᠷ᠎ᠠ ᠠᠴᠠ ᠨᠠᠭᠠᠰᠢ᠂ ᠮᠠᠨ ᠤ ᠤᠯᠤᠰ | ᠣᠲᠣ ᠶᠠᠭ ᠪᠥᠬᠦ ᠲᠠᠯ᠎ᠠ ᠪᠠᠷ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ︽ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ᠂ ᠡᠪᠡᠳᠴᠢᠨ ᠤ ᠵᠢᠱᠢᠶ᠎ᠡ ᠶᠢ | ᠬᠦᠳᠡᠯᠦᠩᠭᠦᠢ ᠪᠠᠷ ᠦᠭᠡᠢ ᠪᠣᠯᠭᠠᠬᠤ︾ ᠱᠠᠲᠤᠨ ᠳᠤ ᠣᠷᠤᠪᠠ᠂ ᠲᠤᠬᠠᠶᠢᠯᠠᠪᠠᠯ ᠳᠥᠷᠪᠡᠳᠦᠭᠡᠷ ᠱᠠᠲᠤ ᠪᠣᠯᠤᠨ᠎ᠠ᠃ ᠲᠣᠰ ᠱᠠᠲᠤᠨ ᠳᠤ ᠲᠦᠷᠭᠡᠨ ᠪᠥᠭᠡᠳ ᠨᠠᠷᠢᠯᠢᠭ | ᠣᠨᠣᠴᠠᠲᠠᠢ ᠪᠠᠶᠢᠬᠤ ᠶᠢ ᠴᠢᠬᠤᠯᠠᠴᠢᠯᠠᠬᠤ ᠠᠴᠠ ᠭᠠᠳᠠᠨ᠎ᠠ ᠶᠡᠷᠦᠩᠬᠡᠶᠢᠯᠡᠭᠰᠡᠨ ᠴᠢᠨᠠᠷ ᠢ ᠨᠠᠩ ᠴᠢᠬᠤᠯᠠᠴᠢᠯᠠᠬᠤ ᠬᠡᠷᠡᠭᠲᠡᠢ᠂ ᠥᠭᠡᠷ᠎ᠡ ᠪᠠᠷ ᠬᠡᠯᠡᠪᠡᠯ ᠬᠠᠯᠳᠠᠪᠤᠷᠢᠯᠠᠯ ᠤᠨ | ᠡᠬᠢ ᠰᠤᠷᠪᠤᠯᠵᠢ ᠶᠢᠨ ᠬᠠᠮᠢᠶᠠᠷᠤᠯᠲᠠ ᠪᠠ ᠬᠠᠯᠳᠠᠪᠤᠷᠢᠯᠠᠬᠤ ᠠᠷᠭ᠎ᠠ ᠵᠠᠮ ᠢ ᠲᠦᠷᠭᠡᠨ ᠲᠠᠰᠤᠯᠬᠤ ᠶᠢ ᠪᠠᠭᠲᠠᠭᠠᠭᠰᠠᠨ ᠶᠡᠷᠦᠩᠬᠡᠶᠢᠯᠡᠭᠰᠡᠨ ᠴᠢᠨᠠᠷᠲᠠᠢ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠨᠦᠭᠦᠳ ᠢ ᠠᠪᠴᠤ᠂ ᠠᠮᠠᠷᠬᠠᠨ ᠬᠠᠯᠳᠠᠪᠤᠷᠢᠯᠠᠬᠤ ᠬᠥᠮᠥᠰ ᠢ ᠬᠠᠮᠠᠭᠠᠯᠠᠬᠤ ᠬᠡᠷᠡᠭᠲᠡᠢ᠃ | ᠳᠥᠷᠪᠡᠳᠦᠭᠡᠷ ᠱᠠᠲᠤᠨ ᠳᠤ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠣᠨᠣᠰᠢᠯᠠᠨ ᠡᠮᠨᠡᠬᠦ ᠲᠥᠰᠥᠯ ︵ᠲᠤᠷᠰᠢᠨ ᠬᠡᠷᠡᠭᠵᠢᠭᠦᠯᠬᠦ ᠶᠢᠰᠦᠳᠦᠭᠡᠷ ᠬᠡᠪ︶︾ | ᠤᠨ ᠶᠣᠰᠣᠭᠠᠷ ᠴᠠᠭ ᠲᠤᠬᠠᠢ ᠳᠤ ᠨᠢ ᠵᠥᠪ ᠣᠨᠣᠪᠴᠢᠲᠠᠶ ᠪᠠᠷ ᠲᠥᠷᠥᠯ ᠬᠡᠯᠪᠡᠷᠢ ᠬᠤᠪᠢᠶᠠᠬᠤ ᠪᠠ ᠭᠥᠯᠢᠶᠡᠨ ᠠᠪᠴᠤ ᠡᠮᠨᠡᠨ ᠵᠠᠰᠠᠬᠤ ᠬᠠᠮᠢᠶ᠎ᠠ ᠪᠦᠬᠦᠢ ᠠᠵᠢᠯ ᠢ | ᠬᠢᠨ᠎ᠡ᠃ ᠵᠢᠱᠢᠶᠡᠯᠡᠪᠡᠯ ᠠᠭᠤᠰᠬᠢᠨ ᠦᠷᠪᠢᠰᠦᠯ ᠤᠨ ᠢᠯᠡᠷᠡᠯ ᠲᠠᠢ᠂ ᠰᠠᠭᠤᠷᠢ ᠡᠪᠡᠳᠴᠢᠨ ᠲᠠᠢ᠂ ᠦᠨᠳᠦᠷ ᠲᠦᠭᠰᠢᠭᠦᠷᠢᠲᠦ ᠬᠦᠴᠦᠨ ᠵᠦᠢᠯ ᠲᠠᠢ᠂ ᠨᠠᠰᠤᠲᠠᠨ | ᠨᠢᠯᠬᠠᠰ ᠵᠡᠷᠭᠡ ᠬᠠᠯᠳᠠᠪᠤᠷᠢᠯᠠᠭᠳᠠᠭᠴᠢ ᠢ ᠪᠦᠷ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶᠠᠨ ᠳᠤ ᠭᠥᠯᠢᠶᠡᠨ ᠠᠪᠴᠤ ᠡᠮᠨᠡᠨ ᠵᠠᠰᠠᠨ᠎ᠠ︔ ᠬᠥᠩᠭᠡᠨ ᠡᠪᠡᠳᠴᠢᠨ | ᠪᠤᠶᠤ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠶᠢ ᠴᠢᠩᠭᠡᠯᠢᠭᠲᠦ ᠡᠮᠨᠡᠯᠭᠡ ᠶᠢᠨ ᠬᠤᠷᠢᠶᠠᠨ ᠳᠤ ᠡᠮᠨᠡᠨ ᠵᠠᠰᠠᠨ᠎ᠠ︔ ᠢᠯᠡᠷᠢᠰᠢᠵᠦ ᠡᠮᠨᠡᠯᠭᠡ ᠠᠴᠠ ᠭᠠᠷᠬᠤ | ᠪᠤᠶᠤ ᠴᠢᠩᠭᠡᠯᠢᠭ ᠠᠴᠠ ᠭᠠᠷᠤᠭᠰᠠᠳ ᠰᠢᠭᠤᠳ ᠭᠡᠷ ᠲᠤ ᠪᠠᠨ ᠰᠠᠭᠤᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠥᠩᠭᠡᠨ ᠡᠪᠡᠳᠴᠢᠨ ᠪᠠ ᠡᠪᠡᠳᠴᠢᠨ ᠤ | ᠢᠯᠡᠷᠡᠯ ᠦᠭᠡᠢ ᠬᠠᠯᠳᠠᠪᠤᠷᠢᠯᠠᠭᠳᠠᠭᠴᠢ ᠶᠢᠨ ᠡᠳᠦᠷ ᠲᠤᠲᠤᠮ ᠤᠨ ᠡᠮᠴᠢᠯᠡᠭᠡᠨ ᠤ ᠡᠬᠢ ᠪᠠᠶᠠᠯᠢᠭ ᠢ ᠰᠢᠬᠠᠨ ᠡᠵᠡᠯᠡᠬᠦ ᠪᠠᠶᠢᠳᠠᠯ ᠢ ᠬᠠᠮᠤᠭ ᠤᠨ ᠶᠡᠭᠡ ᠬᠡᠮᠵᠢᠶ᠎ᠡ ᠪᠠᠷ | ᠪᠠᠭᠠᠰᠬᠠᠨ᠎ᠠ᠃ | ︽ᠡᠪᠡᠳᠴᠢᠨ ᠤ ᠵᠢᠱᠢᠶ᠎ᠡ ᠶᠢ ᠬᠦᠳᠡᠯᠦᠩᠭᠦᠢ ᠪᠠᠷ ᠦᠭᠡᠢ ᠪᠣᠯᠭᠠᠬᠤ︾ ᠪᠠᠷ ᠬᠦᠭᠡᠭᠡᠴᠡᠯᠳᠦᠬᠦ ᠬᠠᠷᠠᠯᠲᠠ ᠶᠢᠨ ᠨᠢᠭᠡ ᠨᠢ ᠳᠠᠷᠤᠢ ᠠᠯᠢ ᠴᠢᠳᠠᠬᠤ ᠪᠠᠷ ᠪᠥᠬᠦ | ᠣᠷᠤᠨ ᠪᠦᠰᠡ ᠶᠢᠨ ᠲᠣᠭᠲᠠᠮᠠᠯ ᠬᠠᠮᠢᠶᠠᠷᠤᠯᠲᠠ ᠠᠴᠠ ᠵᠠᠶᠢᠯᠠᠰᠬᠢᠨ᠎ᠡ | ︽ᠡᠪᠡᠳᠴᠢᠨ ᠤ ᠵᠢᠱᠢᠶ᠎ᠡ ᠶᠢ ᠬᠦᠳᠡᠯᠦᠩᠭᠦᠢ ᠪᠠᠷ ᠦᠭᠡᠢ ᠪᠣᠯᠭᠠᠬᠤ︾ ᠨᠢ ᠪᠥᠬᠦ ᠣᠷᠤᠨ ᠪᠦᠰᠡ ᠳᠤ ᠲᠣᠭᠲᠠᠮᠠᠯ ᠬᠠᠮᠢᠶᠠᠷᠤᠯᠲᠠ ᠶᠠᠪᠤᠭᠤᠯᠬᠤ ᠭᠡᠰᠡᠨ ᠦᠭᠡ | ᠪᠢᠰᠢ ᠶᠤᠮ᠃ ᠡᠭᠦᠨ ᠲᠠᠢ ᠶᠠᠭ ᠡᠰᠡᠷᠭᠦ ᠪᠠᠷ᠂ ︽ᠡᠪᠡᠳᠴᠢᠨ ᠤ ᠵᠢᠱᠢᠶ᠎ᠡ ᠶᠢ ᠬᠦᠳᠡᠯᠦᠩᠭᠦᠢ ᠪᠠᠷ ᠦᠭᠡᠢ ᠪᠣᠯᠭᠠᠬᠤ︾ ᠬᠦᠭᠡᠭᠡᠴᠡᠯᠳᠦᠬᠦ ᠬᠠᠷᠠᠯᠲᠠ ᠶᠢᠨ ᠨᠢᠭᠡ ᠨᠢ | ᠳᠠᠷᠤᠢ ᠪᠦᠬᠦ ᠣᠷᠤᠨ ᠪᠦᠰᠡ ᠶᠢᠨ ᠲᠣᠭᠲᠠᠮᠠᠯ ᠬᠠᠮᠢᠶᠠᠷᠤᠯᠲᠠ ᠠᠴᠠ ᠠᠯᠢ ᠴᠢᠳᠠᠬᠤ ᠪᠠᠷ ᠵᠠᠶᠢᠯᠠᠰᠬᠢᠬᠦ ᠶᠠᠪᠤᠳᠠᠯ ᠪᠣᠯᠣᠨ᠎ᠠ᠃ ᠣᠳᠣᠬᠠᠨ ᠳᠤ᠂ ᠣᠮᠢᠺᠷᠤᠨ | ᠣᠨᠳᠣᠣᠰᠢᠭᠰᠠᠨ ᠸᠢᠷᠦ᠋ᠰ ᠤᠨ ᠣᠨᠴᠠᠯᠢᠭ ᠲᠤ ᠴᠢᠭᠯᠡᠭᠦᠯᠦᠨ᠂ ᠨᠢᠭᠡ ᠲᠠᠯ᠎ᠠ ᠪᠠᠷ ᠲᠦᠷᠭᠡᠨ ᠪᠥᠭᠡᠳ ᠡᠷᠡᠰ ᠰᠢᠭᠤᠷᠬᠠᠢ᠂ ᠲᠦᠢᠯᠪᠤᠷᠢᠲᠠᠢ ᠪᠠᠷ ᠬᠠᠮᠢᠶ᠎ᠠ ᠪᠦᠬᠦᠢ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ︔ ᠨᠦᠭᠦᠭᠡ ᠲᠠᠯ᠎ᠠ ᠪᠠᠷ ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠶᠢ | ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠨᠡᠶᠢᠭᠡᠮ ᠤᠨ ᠠᠵᠤ ᠠᠬᠤᠢ ᠶᠢᠨ ᠬᠥᠭᠵᠢᠯᠲᠡ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ | ᠬᠤᠭᠤᠷᠣᠨᠳᠣᠬᠢ ᠬᠠᠷᠢᠴᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠲᠡᠩᠴᠡᠭᠦᠷᠢᠰᠢᠭᠦᠯᠵᠦ᠂ ᠱᠠᠲᠤ ᠱᠠᠲᠤ ᠪᠠᠷ ᠡᠭᠦᠷᠭᠡ ᠨᠡᠮᠡᠬᠦ ᠪᠠ ︽ᠨᠢᠭᠡ ᠯᠡ ᠪᠠᠷᠢᠮᠵᠢᠶ᠎ᠠ ᠪᠠᠷ | ᠱᠠᠭᠠᠷᠳᠠᠬᠤ︾ ᠶᠢ ᠡᠷᠡᠰ ᠰᠡᠷᠭᠡᠶᠢᠯᠡᠬᠦ ᠬᠡᠷᠡᠭᠲᠡᠢ᠃ ᠦᠯᠦ ᠦᠢᠯᠡᠳᠭᠦᠢ ᠪᠠ ᠲᠤᠰᠬᠠᠯ ᠤᠳᠠᠭᠠᠨ ᠪᠠᠶᠢᠬᠤ ᠶᠢ ᠰᠡᠷᠭᠡᠶᠢᠯᠡᠬᠦ ᠮᠥᠷᠲᠡᠭᠡᠨ ᠪᠠᠰᠠ ᠳᠤᠷ᠎ᠠ ᠪᠠᠷ ᠢᠶᠠᠨ | ᠦᠢᠯᠡᠳᠬᠦᠢ ᠪᠠ ᠱᠠᠲᠤ ᠱᠠᠲᠤ ᠪᠠᠷ ᠡᠭᠦᠷᠭᠡ ᠨᠡᠮᠡᠬᠦ ᠶᠢ ᠰᠡᠷᠭᠡᠶᠢᠯᠡᠬᠦ ᠬᠡᠷᠡᠭᠲᠡᠢ᠃ | ᠵᠠᠷᠴᠢᠮ ᠤᠨ ᠲᠠᠯ᠎ᠠ ᠠᠴᠠ ᠠᠪᠴᠤ ᠬᠡᠯᠡᠪᠡᠯ᠂ ᠬᠢᠵᠢᠭ ᠤᠨ ᠪᠠᠶᠢᠳᠠᠯ ᠤᠨ ᠡᠬᠢᠨ ᠤ ᠬᠤᠭᠤᠴᠠᠭᠠᠨ ᠳᠤ᠂ ᠬᠠᠯᠳᠠᠪᠤᠷᠢᠯᠠᠬᠤ ᠬᠡᠯᠬᠢᠶ᠎ᠡ ᠨᠢ ᠲᠣᠳᠣᠷᠬᠠᠢ᠂ ᠠᠶᠤᠯ | ᠲᠦᠭᠰᠢᠭᠦᠷᠢ ᠶᠢ ᠡᠵᠡᠮᠳᠡᠵᠦ ᠪᠣᠯᠬᠤ ᠪᠠᠶᠢᠳᠠᠯ ᠳᠣᠣᠷ᠎ᠠ᠂ ᠪᠥᠬᠦ ᠣᠷᠤᠨ ᠪᠦᠰᠡ ᠶᠢᠨ ᠲᠣᠭᠲᠠᠮᠠᠯ ᠬᠠᠮᠢᠶᠠᠷᠤᠯᠲᠠ ᠶᠢ ᠬᠡᠷᠡᠭᠵᠢᠭᠦᠯᠬᠦ ᠴᠢᠬᠤᠯᠠ ᠦᠭᠡᠢ ᠶᠤᠮ᠃ | ᠭᠡᠪᠡᠴᠦ ᠨᠡᠶᠢᠭᠡᠮ ᠲᠣᠭᠤᠷᠢᠭ ᠲᠤ ᠦᠷᠭᠡᠨ ᠢᠶᠠᠷ ᠲᠠᠷᠬᠠᠨ ᠳᠡᠯᠭᠡᠷᠡᠭᠰᠡᠨ ᠦᠶ᠎ᠡ ᠳᠤ᠂ ᠬᠠᠯᠳᠠᠪᠤᠷᠢᠯᠠᠬᠤ ᠬᠡᠯᠬᠢᠶ᠎ᠡ ᠨᠢ ᠲᠣᠳᠣᠷᠬᠠᠢ ᠦᠭᠡᠢ᠂ | ᠲᠤᠬᠠᠶᠢᠯᠠᠪᠠᠯ᠂ ᠬᠠᠯᠳᠠᠪᠤᠷᠢᠯᠠᠯ ᠤᠨ ᠡᠬᠢ ᠢᠷᠡᠯᠲᠡ ᠪᠠ ᠬᠠᠯᠳᠠᠪᠤᠷᠢᠯᠠᠭᠳᠠᠭᠴᠢ ᠶᠢᠨ ᠬᠤᠭᠤᠷᠣᠨᠳᠤ᠂ ᠨᠢᠭᠲᠠ ᠣᠶᠢᠷᠠᠲᠤᠭᠰᠠᠳ ᠤᠨ ᠬᠤᠭᠤᠷᠣᠨᠳᠣᠬᠢ | ᠬᠠᠷᠢᠴᠠᠭ᠎ᠠ ᠨᠢ ᠲᠣᠳᠣᠷᠬᠠᠢ ᠦᠭᠡᠢ᠂ ᠶᠡᠭᠡ ᠪᠠᠷ ᠲᠠᠷᠬᠠᠨ ᠳᠡᠯᠭᠡᠷᠡᠬᠦ ᠪᠠ ᠬᠡᠪᠴᠢᠶᠡᠵᠢᠯ ᠤᠨ ᠴᠢᠨᠠᠷᠲᠠᠢ ᠳᠠᠬᠢᠨ ᠦᠷᠪᠢᠰᠬᠦ ᠠᠶᠤᠯ ᠲᠦᠭᠰᠢᠭᠦᠷᠢ ᠨᠡᠯᠢᠶᠡᠳ ᠶᠡᠭᠡ | ᠪᠣᠯᠤᠭᠰᠠᠨ ᠪᠠᠶᠢᠳᠠᠯ ᠳᠣᠣᠷ᠎ᠠ᠂ ᠬᠢᠵᠢᠭ ᠤᠨ ᠪᠠᠶᠢᠳᠠᠯ ᠤᠨ ᠣᠨᠴᠠᠯᠢᠭ᠂ ᠣᠷᠣᠰᠢᠵᠤ ᠪᠠᠶᠢᠭ᠎ᠠ ᠱᠠᠲᠤ ᠦᠶ᠎ᠡ᠂ ᠰᠡᠷᠭᠡᠶᠢᠯᠡᠨ ᠡᠵᠡᠮᠳᠡᠬᠦ ᠴᠢᠳᠠᠪᠤᠷᠢ᠂ ᠨᠡᠶᠢᠭᠡᠮ ᠠᠵᠤ | ᠠᠬᠤᠢ ᠶᠢᠨ ᠬᠢᠷᠢ ᠲᠦᠪᠰᠢᠨ᠂ ᠬᠥᠮᠥᠨ ᠠᠮᠠ ᠶᠢᠨ ᠣᠨᠴᠠᠯᠢᠭ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠤᠯᠬᠢᠯᠠᠭᠰᠠᠨ ᠪᠠᠶᠢᠳᠠᠯ ᠳᠣᠣᠷ᠎ᠠ ᠰᠠᠶ᠋ᠢ ᠲᠣᠭᠲᠠᠮᠠᠯ | ᠬᠠᠮᠢᠶᠠᠷᠤᠯᠲᠠ ᠵᠢᠴᠢ ᠲᠣᠭᠲᠠᠮᠠᠯ ᠬᠠᠮᠢᠶᠠᠷᠤᠯᠲᠠ ᠶᠠᠪᠤᠭᠤᠯᠬᠤ ᠪᠣᠳᠠᠲᠠᠢ ᠣᠷᠣᠨ ᠪᠦᠰᠡ ᠶᠢᠨ ᠶᠡᠭᠡ ᠪᠠᠭ᠎ᠠ᠂ ᠬᠦᠷᠢᠶ᠎ᠡ ᠬᠡᠪᠴᠢᠶ᠎ᠡ᠂ ᠴᠠᠭ ᠬᠤᠭᠤᠴᠠᠭ᠎ᠠ ᠪᠠ | ᠬᠠᠮᠢᠶᠠᠷᠤᠯᠲᠠ ᠶᠢᠨ ᠡᠷᠴᠢᠮ ᠵᠡᠷᠭᠡ ᠨᠡᠩ ᠴᠢᠩᠭ᠎ᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠬᠤ ᠡᠰᠡᠬᠦ ᠶᠢ ᠲᠣᠭᠲᠠᠭᠠᠬᠤ ᠬᠡᠷᠡᠭᠲᠡᠢ᠃ ᠡᠭᠦᠨ ᠠᠴᠠ ᠦᠵᠡᠬᠦ ᠳᠤ᠂ | ︽ᠳᠦᠷᠪᠡ ᠶᠢ ᠡᠷᠲᠡ ᠭᠦᠢᠴᠡᠳᠬᠡᠬᠦ︾ ᠶᠢ ᠨᠠᠶᠢᠳᠠᠪᠤᠷᠢᠵᠢᠭᠤᠯᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠪᠠᠯ᠂ ᠳᠠᠷᠤᠢ ᠪᠥᠬᠦ | ᠣᠷᠤᠨ ᠪᠦᠰᠡ ᠶᠢᠨ ᠲᠣᠭᠲᠠᠮᠠᠯ ᠬᠠᠮᠢᠶᠠᠷᠤᠯᠲᠠ ᠠᠴᠠ ᠪᠦᠲᠦᠮᠵᠢᠲᠡᠶ ᠵᠠᠶᠢᠯᠠᠰᠬᠢᠵᠦ ᠴᠢᠳᠠᠨ᠎ᠠ᠃ | ᠬᠢᠯᠢ ᠶᠢᠨ ᠪᠣᠭᠤᠮᠲᠠ ᠶᠢᠨ ᠬᠤᠲᠠ ᠨᠢ ᠬᠢᠯᠢ ᠶᠢᠨ ᠪᠣᠭᠤᠮᠲᠠ ᠶᠢᠨ ᠰᠡᠷᠭᠡᠶᠢᠯᠡᠨ ᠡᠵᠡᠮᠳᠡᠬᠦ ᠲᠤᠰᠬᠠᠢ ᠠᠩᠭᠢ ᠪᠠᠶᠢᠭᠤᠯᠵᠤ᠂ ᠨᠥᠬᠦᠴᠡᠯ ᠲᠠᠢ ᠬᠢᠯᠢ ᠶᠢᠨ | ᠪᠣᠭᠤᠮᠲᠠ ᠶᠢᠨ ᠬᠤᠲᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠪᠰᠠᠷ ᠤᠨ ᠣᠷᠣᠨ ᠭᠠᠷᠭᠠᠵᠤ ᠪᠣᠯᠣᠨ᠎ᠠ | ᠣᠳᠣᠬᠠᠨ ᠳᠤ ᠬᠢᠯᠢ ᠶᠢᠨ ᠪᠣᠭᠤᠮᠲᠠ ᠶᠢᠨ ᠬᠤᠲᠠ ᠨᠢ ᠬᠢᠯᠢ ᠶᠢᠨ ᠪᠣᠭᠤᠮᠲᠠ ᠶᠢᠨ ᠰᠡᠷᠭᠡᠶᠢᠯᠡᠨ ᠡᠵᠡᠮᠳᠡᠬᠦ ᠲᠤᠰᠬᠠᠢ ᠠᠩᠭᠢ ᠪᠠᠶᠢᠭᠤᠯᠵᠤ᠂ ᠲᠤᠬᠠᠢ ᠶᠢᠨ | ᠭᠠᠵᠠᠷ ᠤᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠳᠣᠣᠷ᠎ᠠ᠂ ᠡᠯ᠎ᠡ ᠰᠠᠯᠠᠭ᠎ᠠ ᠮᠥᠴᠢᠷ ᠤᠨ ᠬᠢᠨ ᠲᠠᠢ ᠬᠠᠮᠵᠢᠯᠴᠠᠭ᠎ᠠ ᠪᠠᠨ | ᠴᠢᠩᠭᠠᠳᠬᠠᠨ᠂ ᠬᠠᠷᠢᠶ᠎ᠠ ᠭᠠᠵᠠᠷ᠂ ᠠᠵᠢᠯ ᠲᠥᠷᠥᠯ᠂ ᠰᠠᠯᠠᠭ᠎ᠠ ᠮᠥᠴᠢᠷ᠂ ᠨᠢᠭᠡᠴᠢ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ | ᠭᠤᠭᠴᠤᠭ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠪᠠ ᠬᠠᠷᠢᠭᠤᠴᠠᠯᠭᠠᠲᠠᠨ ᠢ ᠲᠣᠳᠤᠷᠬᠠᠶᠢᠯᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠵᠤ ᠪᠠᠶᠢᠨ᠎ᠠ᠃ ᠥᠭᠡᠷ᠎ᠡ ᠪᠠᠷ ᠬᠡᠯᠡᠪᠡᠯ᠂ ᠬᠢᠯᠢ ᠶᠢᠨ ᠪᠣᠭᠤᠮᠲᠠ ᠶᠢᠨ ᠬᠤᠲᠠ ᠶᠢᠨ ᠪᠦᠬᠦᠯᠢ | ᠴᠣᠭᠴᠠ ᠪᠠᠷ ᠨᠢ ᠬᠠᠮᠢᠶᠠᠷᠤᠨ ᠡᠵᠡᠮᠳᠡᠬᠦ ᠣᠷᠣᠨ ᠪᠣᠯᠭᠠᠵᠤ ᠴᠢᠩᠭ᠎ᠠ ᠬᠠᠮᠢᠶᠠᠷᠤᠨ ᠡᠵᠡᠮᠳᠡᠬᠦ ᠣᠳᠣᠬᠢ ᠪᠠᠶᠢᠳᠠᠯ ᠢ ᠬᠤᠪᠢᠷᠠᠭᠤᠯᠵᠤ᠂ ᠨᠥᠬᠦᠴᠡᠯ ᠲᠠᠢ ᠬᠢᠯᠢ ᠶᠢᠨ | ᠪᠣᠭᠤᠮᠲᠠ ᠶᠢᠨ ᠬᠤᠲᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠪᠰᠠᠷ ᠤᠨ ᠣᠷᠣᠨ ᠭᠠᠷᠭᠠᠵᠤ᠂ ᠣᠷᠣᠨ ᠬᠤᠪᠢᠶᠠᠨ ᠵᠦᠷᠢᠶᠡᠴᠢᠯᠡᠨ ᠬᠠᠮᠢᠶᠠᠷᠤᠨ | ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠪᠣᠯᠣᠨ᠎ᠠ᠃ ᠵᠠᠪᠰᠠᠷ ᠤᠨ ᠣᠷᠣᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠡᠯᠢᠶᠡᠳ ᠴᠢᠩᠭ᠎ᠠ | ᠬᠠᠮᠢᠶᠠᠷᠤᠯᠲᠠ ᠶᠢ ᠬᠡᠷᠡᠭᠵᠢᠭᠦᠯᠵᠦ᠂ ᠵᠠᠪᠰᠠᠷ ᠤᠨ ᠣᠷᠣᠨ ᠠᠴᠠ ᠭᠠᠳᠠᠨᠠᠬᠢ ᠭᠠᠵᠠᠷ ᠣᠷᠣᠨ ᠳᠤ ᠪᠠᠶᠢᠩᠭᠤᠵᠢᠭᠰᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠬᠡᠷᠡᠭᠵᠢᠭᠦᠯᠦᠨ᠎ᠡ᠃ | ᠲᠦᠷᠭᠡᠨ ᠢᠯᠡᠭᠡᠯᠲᠡ᠂ ᠪᠣᠭᠤᠳᠠᠯ ᠪᠠᠭᠯᠠᠭ᠎ᠠ ᠪᠣᠯᠣᠨ ᠰᠤᠷᠭᠠᠭᠤᠯᠢ ᠶᠢᠨ ᠬᠦᠷᠢᠶᠡᠨ ᠳᠤ ᠣᠷᠣᠬᠤ ᠪᠤᠰᠤᠳ ᠪᠣᠳᠠᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠯ᠎ᠡ ᠵᠦᠢᠯ ᠤᠨ ᠬᠡᠪ ᠤᠨ ᠪᠠᠶᠢᠴᠠᠭᠠᠯᠲᠠ ᠶᠢ ᠰᠠᠶᠢᠲᠤᠷ ᠬᠢᠬᠦ ᠬᠡᠷᠡᠭᠲᠡᠢ | ᠰᠤᠷᠭᠠᠭᠤᠯᠢ ᠶᠢᠨ ᠬᠦᠷᠢᠶᠡᠨ ᠳᠤ ᠲᠦᠷᠭᠡᠨ ᠢᠯᠡᠭᠡᠯᠲᠡ ᠪᠠ ᠬᠥᠮᠥᠰ ᠤᠨ ᠶᠠᠪᠤᠯᠴᠠᠭ᠎ᠠ ᠶᠢ ᠪᠠᠭᠲᠠᠭᠠᠭᠰᠠᠨ ᠰᠤᠷᠭᠠᠭᠤᠯᠢ ᠶᠢᠨ ᠭᠠᠳᠠᠨᠠᠬᠢ ᠬᠥᠮᠥᠰ ᠲᠠᠢ | ᠶᠠᠩᠵᠤ ᠪᠦᠷᠢ ᠶᠢᠨ ᠬᠠᠷᠢᠯᠴᠠᠭ᠎ᠠ ᠶᠠᠪᠤᠭᠳᠠᠬᠤ ᠨᠢ ᠯᠠᠪᠲᠠᠢ ᠶᠤᠮ᠃ ᠲᠦᠷᠭᠡᠨ ᠢᠯᠡᠭᠡᠯᠲᠡ᠂ ᠪᠣᠭᠤᠳᠠᠯ ᠪᠠᠭᠯᠠᠭ᠎ᠠ ᠪᠣᠯᠣᠨ ᠰᠤᠷᠭᠠᠭᠤᠯᠢ ᠶᠢᠨ ᠬᠦᠷᠢᠶᠡᠨ ᠳᠤ | ᠣᠷᠣᠬᠤ ᠪᠤᠰᠤᠳ ᠡᠳ᠋ ᠪᠣᠳᠠᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠬᠡᠪ ᠤᠨ ᠪᠠᠶᠢᠴᠠᠭᠠᠯᠲᠠ ᠶᠢ ᠰᠠᠶᠢᠲᠤᠷ ᠬᠢᠬᠦ ᠬᠡᠷᠡᠭᠲᠡᠢ᠃ | ᠰᠤᠷᠭᠠᠭᠤᠯᠢ ᠶᠢᠨ ᠬᠦᠷᠢᠶᠡᠨ ᠳᠤ ᠣᠷᠣᠬᠤ ᠡᠳ᠋ ᠪᠣᠳᠠᠰ ᠠᠴᠠ ᠭᠠᠳᠠᠨ᠎ᠠ᠂ ᠰᠤᠷᠭᠠᠭᠤᠯᠢ ᠶᠢᠨ ᠬᠦᠷᠢᠶᠡᠨ ᠳᠣᠲᠣᠷᠠᠬᠢ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ | ᠪᠠ ᠤᠯᠠᠨ ᠨᠡᠶᠢᠲᠡ ᠶᠢᠨ ᠲᠠᠯᠠᠪᠤᠷ ᠭᠠᠵᠠᠷ ᠤᠨ ᠬᠠᠮᠢᠶᠠᠷᠤᠯᠲᠠ ᠶᠢ ᠴᠤ ᠦᠨᠡᠨ ᠬᠦ ᠪᠣᠳᠠᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ | | |