5 ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ | ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 50 ᠳ᠋ᠤᠭᠠᠷ ᠤᠳᠠᠭ᠎ᠠ ᠶᠢᠨ ᠬᠤᠷᠠᠯ ᠵᠢᠴᠢ | ᠰᠢᠶᠠᠨ ᠤ ᠠᠮᠤᠷ ᠲᠦᠪᠰᠢᠨ ᠤ ᠪᠠᠶᠢᠭᠤᠯᠤᠯᠲᠠ ︵ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ︶ ᠶᠢᠨ ᠤᠳᠤᠷᠢᠳᠬᠤ ᠳᠤᠭᠤᠶᠢᠯᠠᠩ ᠤᠨ 2022 | ᠣᠨ ᠤ 2 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠠᠷᠪᠠᠨ ᠨᠢᠭᠡᠳᠦᠭᠡᠷ ᠤᠳᠠᠭ᠎ᠠ ᠶᠢᠨ ᠬᠤᠷᠠᠯ᠂ 4 ᠰᠠᠷ᠎ᠠ ᠶᠢᠨ 29 ᠤ | ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ᠂ 5 ᠰᠠᠷ᠎ᠠ ᠶᠢᠨ 5 ᠤ ᠡᠳᠦᠷ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ | ᠰᠠᠨᠠᠭ᠎ᠠ ᠪᠣᠯᠤᠨ 5 ᠰᠠᠷ᠎ᠠ ᠶᠢᠨ 7 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ 4 ᠳ᠋ᠦ᠋ᠭᠡᠷ ᠰᠠᠷ᠎ᠠ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠲᠤᠬᠠᠢ ᠵᠠᠳᠠᠯᠤᠯᠲᠠ ᠶᠢᠨ ᠬᠠᠷᠢᠭᠤ ᠮᠡᠳᠡᠭᠦᠯᠦᠯᠲᠡ ᠶᠢ | ᠰᠣᠨᠣᠰᠴᠤ᠂ 2022 ᠣᠨ ᠤ ᠳᠡᠭᠡᠷ᠎ᠡ ᠬᠠᠭᠠᠰ ᠵᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠪᠣᠭᠤᠮᠲᠠ ᠰᠢᠪᠲᠤᠯᠬᠤ ᠡᠭᠦᠷᠭᠡ ᠶᠢᠨ | ᠠᠵᠢᠯ ᠤᠨ ᠬᠤᠪᠢᠶᠠᠷᠢᠯᠠᠯ ᠤᠨ ᠬᠠᠮᠢᠶ᠎ᠠ ᠪᠦᠬᠦᠢ ᠠᠵᠢᠯ ᠢ ᠰᠤᠳᠤᠯᠵᠠᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠦᠵᠡᠯ ᠰᠠᠨᠠᠭ᠎ᠠ᠂ ᠤᠯᠤᠰ | ᠲᠥᠷᠥ᠂ ᠦᠢᠯᠡ ᠠᠵᠢᠯᠯᠠᠭ᠎ᠠ ᠳᠡᠭᠡᠷ᠎ᠡ ᠪᠠᠨ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ | ᠨᠢᠭᠡᠳᠦᠯᠲᠡᠶ ᠪᠠᠶᠢᠵᠤ᠂ ᠨᠠᠮ ᠤᠨ ᠲᠥᠪ ᠬᠤᠷᠢᠶᠠᠨ ᠤ ᠲᠣᠭᠲᠠᠭᠠᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠴᠢᠭᠯᠡᠯᠲᠡ ᠲᠥᠷᠥ ᠶᠢᠨ | ᠪᠣᠳᠣᠯᠭ᠎ᠠ ᠶᠢ ᠭᠦᠨᠵᠡᠭᠡᠶ᠂ ᠪᠦᠷᠢᠨ ᠪᠦᠲᠦᠨ᠂ ᠪᠦᠬᠦ ᠲᠠᠯ᠎ᠠ ᠪᠠᠷ ᠲᠠᠨᠢᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ | ᠪᠠᠷᠢᠮᠲᠠᠯᠠᠵᠤ᠂ ᠭᠠᠳᠠᠭᠠᠳᠤ ᠠᠴᠠ ᠣᠷᠤᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠰᠡᠷᠭᠦᠬᠦ ᠶᠢ ᠰᠡᠷᠭᠡᠶᠢᠯᠡᠬᠦ ᠶᠢ ᠪᠠᠷᠢᠮᠲᠠᠯᠠᠵᠤ᠂ ᠮᠢᠨᠴᠦᠭᠦᠷᠡᠬᠦ | ᠦᠵᠡᠯ ᠰᠠᠨᠠᠭ᠎ᠠ᠂ ᠳᠠᠶᠢᠨ ᠠᠴᠠ ᠬᠠᠯᠠᠰᠢᠷᠠᠬᠤ ᠰᠡᠳᠬᠢᠯᠭᠡ᠂ ᠭᠤᠷᠢᠳᠠᠬᠤ ᠰᠡᠳᠬᠢᠯᠭᠡ᠂ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠪᠦᠬᠦ ᠲᠠᠯ᠎ᠠ ᠪᠠᠷ | ᠳᠠᠶᠢᠴᠢᠯᠠᠵᠤ᠂ ᠪᠦᠬᠦ ᠲᠠᠯ᠎ᠠ ᠪᠠᠷ ᠪᠠᠶᠢᠷᠢᠯᠠᠭᠤᠯᠵᠤ᠂ ᠴᠠᠭ ᠪᠢᠳᠡᠨ ᠢ ᠬᠦᠯᠢᠶᠡᠬᠦ ᠦᠭᠡᠶ ᠵᠣᠷᠢᠭ ᠰᠠᠨᠠᠭ᠎ᠠ᠂ ᠴᠠᠭ ᠮᠥᠴᠡ ᠶᠢ ᠠᠯᠳᠠᠯ ᠦᠭᠡᠶ ᠲᠡᠮᠡᠴᠡᠬᠦ | ᠠᠵᠢᠯᠯᠠᠭ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠣᠳᠠᠲᠠᠶ ᠠᠳᠬᠤᠵᠤ᠂ ᠡᠭᠦᠨ ᠤ ᠬᠠᠮᠲᠤ ᠪᠦᠬᠦ ᠰᠢᠶᠠᠨ ᠤ ᠡᠯ᠎ᠡ | ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠶ ᠦᠢᠯᠡᠳᠪᠦᠷᠢᠯᠡᠯ ᠤᠨ ᠲᠦᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠠᠶᠤᠯᠭᠦᠢ | ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠬᠤ ᠳᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ | ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ | ᠨᠡᠬᠡᠮᠵᠢᠯᠡᠬᠦ︾ ᠱᠠᠭᠠᠷᠳᠠᠯᠭ᠎ᠠ ᠶᠣᠰᠣᠭᠠᠷ᠂ ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ | ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠶᠢ | ᠪᠠᠷᠢᠮᠲᠠᠯᠠᠵᠤ᠂ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠬᠢᠨᠠᠨ ᠬᠠᠮᠢᠶᠠᠷᠬᠤ ᠬᠠᠷᠢᠭᠤᠴᠠᠯᠭ᠎ᠠ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ | ᠪᠠᠲᠤᠳᠬᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠰᠠᠬᠢᠵᠤ᠂ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ | ᠬᠡᠷᠡᠭᠲᠡᠢ ᠭᠡᠪᠡ᠃ | ᠬᠤᠷᠠᠯ ᠠᠴᠠ᠂ ᠪᠦᠬᠦ ᠰᠢᠶᠠᠨ ᠢᠶᠠᠷ ᠢᠶᠠᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ | ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠨᠢᠭᠡᠨᠲᠡ ᠲᠣᠭᠲᠠᠭᠠᠭᠰᠠᠨ ᠠᠵᠤ ᠠᠬᠤᠢ ᠶᠢᠨ ᠠᠵᠢᠯᠯᠠᠭᠠᠨ ᠤ ︽ᠬᠤᠶᠠᠷ ᠢ ᠬᠠᠭᠠᠰ | ᠥᠩᠭᠡᠷᠡᠭᠦᠯᠬᠦ︾ ᠡᠭᠦᠷᠭᠡ ᠶᠢᠨ ᠪᠣᠭᠤᠮᠲᠠ ᠰᠢᠪᠲᠤᠯᠬᠤ ᠠᠵᠢᠯ ᠤᠨ ᠬᠤᠪᠢᠶᠠᠷᠢᠯᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠦᠲᠦᠮᠵᠢᠲᠡᠢ ᠡᠬᠢ ᠪᠠᠶᠠᠯᠢᠭ ᠢ | ᠨᠡᠶᠢᠳᠬᠡᠬᠦ ᠪᠠᠷ ᠭᠤᠣᠯᠳᠠᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠴᠢᠩᠭ᠎ᠠ ᠠᠳᠬᠤᠨ ᠪᠣᠳᠠᠲᠠᠢ ᠠᠳᠬᠤᠵᠤ᠂ ᠭᠤᠣᠯ ᠭᠦᠢᠴᠡᠳᠬᠡᠯ ᠲᠤᠭ᠎ᠠ ᠪᠣᠯᠤᠨ | ᠵᠠᠩᠭᠢᠯᠠᠭ᠎ᠠ ᠶᠢᠨ ᠪᠠᠭᠤᠷᠠᠢ ᠲᠠᠯ᠎ᠠ ᠶᠢ ᠴᠢᠩᠭ᠎ᠠ ᠠᠩᠬᠠᠷᠴᠤ᠂ ᠴᠠᠭ ᠬᠤᠭᠤᠴᠠᠭ᠎ᠠ ᠶᠢ ᠡᠵᠡᠮᠳᠡᠵᠦ᠂ ᠯᠠᠪᠳᠠᠭᠤᠨ ᠪᠠᠲᠤᠲᠠᠢ ᠠᠵᠢᠯᠯᠠᠵᠤ᠂ ᠪᠦᠬᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠡᠯ᠎ᠡ ᠬᠠᠮᠢᠶ᠎ᠠ ᠪᠦᠬᠦᠢ ᠲᠦᠷᠦᠭᠦᠯᠡᠬᠦ ᠤᠳᠤᠷᠢᠳᠤᠯᠭ᠎ᠠ ᠨᠠᠷ ᠠᠵᠤ ᠠᠬᠤᠶᠢᠯᠠᠯ ᠳᠤ | ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠨᠢᠭᠡᠳᠦᠭᠡᠷ ᠹᠷᠣᠨᠲ ᠲᠤ ᠳᠤᠬᠢᠷᠠᠭᠤᠯᠤᠯᠳᠠ ᠬᠢᠵᠦ᠂ ᠲᠤᠬᠠᠢ ᠶᠢᠨ ᠲᠠᠯᠠᠪᠤᠷ ᠲᠤ ᠬᠦᠴᠢᠷᠳᠡᠯ ᠲᠠᠢ | ᠠᠰᠠᠭᠤᠳᠠᠯ ᠢ ᠰᠢᠢᠳᠪᠦᠷᠢᠯᠡᠵᠦ᠂ ︽ᠬᠤᠶᠠᠷ ᠢ ᠬᠠᠭᠠᠰ ᠥᠩᠭᠡᠷᠡᠭᠦᠯᠬᠦ︾ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠵᠤ᠂ ᠡᠭᠦᠨ ᠤ ᠤᠯᠠᠮ ᠢᠶᠠᠷ | ᠪᠦᠬᠦ ᠵᠢᠯ ᠤᠨ ᠲᠣᠭᠲᠠᠭᠰᠠᠨ ᠬᠠᠷᠠᠯᠲᠠ ᠶᠢᠨ ᠡᠭᠦᠷᠭᠡ ᠶᠢ ᠪᠡᠶᠡᠯᠡᠭᠦᠯᠬᠦ ᠳᠤ ᠰᠠᠭᠤᠷᠢ ᠲᠠᠯᠪᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠡᠯ᠎ᠡ ᠰᠢᠶᠠᠩ ᠪᠠᠯᠭᠠᠰᠤ | ᠂ ᠡᠯ᠎ᠡ ᠰᠠᠯᠠᠭ᠎ᠠ ᠮᠥᠴᠢᠷ ᠤᠨ ᠬᠢᠨ ᠲᠤᠰ ᠬᠠᠷᠢᠶ᠎ᠠ ᠣᠷᠣᠨ ᠤ ᠪᠠᠨ ᠭᠦᠢᠴᠡᠳᠬᠡᠬᠦ ᠲᠤᠭ᠎ᠠ ᠶᠢᠨ ᠡᠭᠦᠷᠭᠡ ᠶᠢ ᠪᠦᠬᠦ ᠲᠠᠯ᠎ᠠ ᠪᠠᠷ ᠣᠶᠢᠯᠠᠭᠠᠵᠤ᠂ ᠰᠢᠰᠲ᠋ᠧᠮ ᠲᠠᠢ | ᠵᠠᠳᠠᠯᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠰᠢᠢᠳᠪᠦᠷᠢᠯᠡᠵᠦ᠂ ᠴᠠᠭ ᠲᠤᠬᠠᠢ ᠳᠤᠨᠢ ᠳᠡᠭᠡᠳᠦ ᠱᠠᠲᠤᠨ ᠳᠤ ᠮᠡᠳᠡᠭᠡ ᠵᠠᠩᠭᠢ ᠶᠢ ᠬᠠᠷᠢᠭᠤ | ᠲᠤᠰᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠪᠦᠬᠦ ᠰᠢᠶᠠᠨ ᠤ ᠠᠵᠤ ᠠᠬᠤᠢ ᠶᠢᠨ ᠠᠵᠢᠯᠯᠠᠭᠠᠨ ᠤ ᠦᠷᠭᠦᠯᠵᠢᠯᠡᠨ ᠲᠣᠭᠲᠠᠭᠤᠨ | ᠡᠮᠬᠢ ᠵᠢᠷᠤᠮ ᠲᠠᠢ ᠪᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠪᠡ᠃ | |