ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ 2022 ᠣᠨ ᠤ 11ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/5/12
      5 ᠰᠠᠷ᠎ᠠ ᠶᠢᠨ 10 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ‌ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2022 ᠣᠨ ᠤ 11 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠶᠢᠰᠦᠳᠦᠭᠡᠷ ᠤᠳᠠᠭ᠎ᠠ᠂ ᠠᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠤᠨ ᠵᠥᠪᠯᠡᠨ ᠲᠣᠭᠲᠠᠭᠠᠭᠰᠠᠨ ᠵᠦᠢᠯᠡᠰ ᠢ ᠨᠠᠶᠢᠳᠠᠪᠤᠷᠢᠵᠢᠭᠤᠯᠬᠤ ᠶᠢ ᠠᠬᠢᠭᠤᠯᠤᠭᠰᠠᠨ ᠪᠠᠶᠢᠳᠠᠯ ᠢ ᠰᠣᠨᠣᠰᠪᠠ︔ ︽ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢ ᠳᠠᠩᠰᠠᠯᠠᠬᠤ ᠳᠦᠷᠢᠮ ᠤᠨ ᠲᠤᠷᠰᠢᠨ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠪᠡ ᡽2022 ᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠯᠲᠠᠲᠤ ᠡᠭᠦᠷᠭᠡ ᠶᠢ ᠵᠠᠳᠠᠯᠬᠤ ᠬᠤᠯᠪᠣᠭᠳᠠᠯ ᠪᠥᠬᠦᠶ ᠤᠴᠢᠷ ᠶᠠᠪᠤᠳᠠᠯ ᠵᠢᠴᠢ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠪᠤᠯᠠᠬᠤ ᠲᠠᠯᠠᠪᠤᠷ ᠲᠤ ᠣᠷᠣᠰᠢᠵᠤ ᠪᠠᠶᠢᠭ᠎ᠠ ᠠᠰᠠᠭᠤᠳᠠᠯ ᠵᠢᠴᠢ  ᠰᠢᠢᠳᠪᠦᠷᠢᠯᠡᠬᠦ ᠲᠥᠰᠦᠯ ᠤᠨ ᠤᠴᠢᠷ ᠶᠠᠪᠤᠳᠠᠯ ᠢ ᠰᠤᠳᠤᠯᠪᠠ᠃      ᠬᠤᠷᠠᠯ ᠠᠴᠠ᠂ ᠡᠯ᠎ᠡ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠣᠯᠤᠨ ᠬᠠᠷᠢᠭᠤᠴᠠᠯᠭ᠎ᠠ ᠲᠠᠢ ᠨᠢᠭᠡᠴᠡ ᠶᠢᠨ ᠬᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠢᠭᠡᠨᠲᠡ ᠵᠥᠪᠯᠡᠨ ᠲᠣᠭᠲᠠᠭᠰᠠᠨ ᠡᠭᠦᠷᠭᠡ ᠤᠴᠢᠷ ᠶᠠᠪᠤᠳᠠᠯ ᠢ ᠰᠢᠢᠳᠪᠦᠷᠢᠯᠡᠵᠦ ᠳᠠᠭᠤᠰᠬᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ︔ ᠠᠬᠢᠴᠠ ᠶᠢᠨ ᠱᠠᠭᠠᠷᠳᠠᠯᠭ᠎ᠠ ᠳᠤ ᠭᠦᠷᠦᠭᠰᠡᠨ ᠥᠬᠡᠶ ᠵᠦᠢᠯᠡᠰ ᠢ ᠤᠯᠠᠮ ᠨᠢᠭᠡ ᠠᠯᠬᠤᠮ ᠡᠮᠬᠢᠯᠡᠨ ᠰᠤᠳᠤᠯᠵᠤ᠂ ᠬᠠᠮᠢᠶ᠎ᠠ ᠪᠥᠬᠦᠶ ᠬᠠᠷᠢᠭᠤᠴᠠᠯᠭᠠᠲᠤ ᠨᠢᠭᠡᠴᠡ ᠶᠢ ᠰᠢᠮᠳᠠᠭᠤᠯᠵᠤ ᠪᠠᠶᠢᠭᠠᠳ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠶ ᠡᠷᠢᠵᠦ᠂ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠨ᠂ ᠡᠭᠦᠷᠭᠡ ᠲᠤᠰᠢᠶᠠᠯ ᠢᠶᠠᠨ ᠴᠢᠩᠭ᠎ᠠ ᠭᠦᠢᠴᠡᠳᠬᠡᠬᠦ ᠬᠡᠷᠡᠭᠲᠡᠶ᠃ ᠡᠯ᠎ᠡ ᠰᠢᠶᠠᠩ ᠪᠠᠯᠭᠠᠰᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠰᠢᠶᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠲᠣᠭᠲᠠᠭᠠᠭᠰᠠᠨ ᠬᠡᠷᠡᠭ ᠶᠠᠪᠤᠳᠠᠯ ᠢ ᠳᠠᠭᠠᠵᠤ ᠭᠦᠢᠴᠡᠳᠬᠡᠬᠦ ᠶᠢ ᠪᠥᠬᠦ ᠬᠦᠴᠦᠨ ᠢᠶᠠᠷ ᠳᠥᠯᠭᠢᠨ ᠠᠬᠢᠭᠤᠯᠵᠤ᠂ ᠨᠢᠭᠡᠨᠲᠡ ᠲᠣᠭᠲᠠᠭᠠᠭᠰᠠᠨ ᠬᠡᠷᠡᠭ ᠶᠠᠪᠤᠳᠠᠯ ᠢ ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠵᠤ᠂ ᠪᠥᠬᠦ ᠲᠠᠯ᠎ᠠ ᠪᠠᠷ ᠰᠢᠢᠳᠪᠦᠷᠢᠯᠡᠵᠦ ᠳᠠᠭᠤᠰᠬᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠠᠶᠤᠯᠭᠦᠶ ᠦᠢᠯᠡᠳᠪᠦᠷᠢᠯᠡᠯ ᠪᠣᠯ ᠴᠢᠬᠤᠯᠠ ᠶᠡᠭᠡ ᠶᠠᠪᠤᠳᠠᠯ ᠮᠥᠨ᠂ ᠡᠯ᠎ᠡ ᠬᠤᠯᠪᠣᠭᠳᠠᠯ ᠪᠦᠬᠦᠢ ᠨᠢᠭᠡᠴᠡ ᠶᠢᠨ ᠬᠢᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠤᠯᠭᠦᠶ ᠦᠢᠯᠡᠳᠪᠦᠷᠢᠯᠡᠯ ᠤᠨ ᠲᠠᠯᠳᠠ ᠭᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠡᠯ᠎ᠡ ᠵᠦᠢᠯ ᠤᠨ ᠠᠶᠤᠯᠭᠦᠶ ᠶᠢᠨ ᠬᠠᠮᠢᠶ᠎ᠠ ᠪᠥᠬᠦᠢ ᠠᠵᠢᠯ  ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠨᠠᠷᠢᠨ ᠨᠢᠮᠪᠠᠶ ᠠᠵᠢᠯ ᠤᠨ ᠠᠷᠭ᠎ᠠ ᠬᠡᠮᠵᠢᠶ᠎ᠡ᠂ ᠴᠢᠩᠭ᠎ᠠ ᠨᠢᠮᠪᠠᠶ ᠬᠢᠨᠠᠯᠲᠠ ᠲᠠᠯᠪᠢᠵᠤ ᠬᠢᠨᠠᠨ ᠰᠢᠯᠭᠠᠬᠤ᠂ ᠯᠠᠪᠳᠠᠭᠤᠨ ᠪᠠᠲᠤᠲᠠᠶ ᠠᠵᠢᠯ ᠤᠨ ᠰᠤᠷᠲᠠᠯ ᠢᠶᠠᠷ ᠥᠪᠡᠷ ᠲᠡᠭᠡᠨ ᠪᠠᠶᠢᠭᠤᠯᠤᠭᠰᠠᠨ ᠭᠡᠷ ᠪᠠᠶᠢᠰᠢᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠵᠡᠷᠭᠡ ᠬᠠᠮᠢᠶ᠎ᠠ ᠪᠥᠬᠦᠢ ᠠᠵᠢᠯ ᠢ ᠰᠠᠶᠢᠲᠤᠷ ᠬᠢᠵᠦ᠂ ᠠᠶᠤᠯᠭᠦᠶ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠠᠲᠤ ᠪᠠᠬᠢ ᠪᠠᠶᠢᠭᠤᠯᠬᠤ ᠬᠡᠷᠡᠭᠲᠡᠶ ᠭᠡᠪᠡ᠃      ᠬᠤᠷᠠᠯ ᠠᠴᠠ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ ᠰᠢᠶᠠᠨ ᠤ ᠬᠡᠪᠴᠢᠶᠡᠨ ᠤ ᠠᠵᠤ ᠠᠬᠤᠢ ᠶᠢᠨ ᠲᠦᠷᠭᠡᠨ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠮᠥᠨ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠨᠢᠭᠡᠳᠦᠭᠡᠷ ᠬᠥᠳᠡᠯᠭᠡᠬᠦ ᠬᠦᠴᠦᠨ ᠮᠥᠨ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠤᠣᠯᠳᠠᠯᠭ᠎ᠠ ᠲᠠᠢ ᠲᠦᠷᠦᠯ ᠵᠦᠢᠯ ᠤᠨ ᠬᠠᠮᠲᠤᠷᠠᠯᠴᠠᠭᠠᠨ ᠤ ᠶᠠᠪᠤᠳᠠᠯ ᠢ ᠴᠢᠩᠭ᠎ᠠ ᠠᠩᠬᠠᠷᠴᠤ᠂ ᠲᠦᠷᠦᠯ ᠵᠦᠢᠯ ᠤᠨ ᠲᠥᠯᠥᠪᠯᠡᠭᠡ ᠶᠢ ᠵᠣᠬᠢᠰᠲᠠᠢ ᠲᠡᠭᠦᠯᠳᠡᠷᠵᠢᠭᠦᠯᠵᠦ᠂ ᠠᠵᠤ ᠦᠢᠯᠡᠰ ᠤᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠦᠴᠤᠸᠠᠨ ᠰᠢᠶᠠᠨ ᠤ ᠬᠥᠭᠵᠢᠯᠲᠡ ᠶᠢᠨ ᠲᠥᠯᠥᠪᠵᠢᠭᠦᠯᠭᠡ ᠳᠤ ᠳᠤᠬᠢᠷᠠᠬᠤ ᠲᠥᠰᠦᠯ ᠢ ᠲᠣᠭᠲᠠᠭᠠᠬᠤ ᠬᠡᠷᠡᠭᠲᠡᠢ᠃ ᠨᠡᠶᠢᠭᠡᠮ ᠤᠨ ᠲᠦᠷᠦᠯ ᠤᠨ ᠪᠡᠯᠡ ᠣᠷᠣᠭᠤᠯᠤᠯᠲᠠ ᠶᠢᠨ ᠠᠵᠤ ᠦᠢᠯᠡᠰ ᠤᠨ ᠲᠠᠯ᠎ᠠ ᠪᠠᠷ᠂ ᠰᠢᠨᠵᠢᠯᠡᠨ ᠪᠠᠶᠢᠴᠠᠭᠠᠬᠤ ᠪᠠᠨ ᠴᠢᠩᠭᠠᠳᠬᠠᠵᠤ᠂ ᠪᠣᠭᠤᠮᠲᠠ ᠶᠢ ᠴᠢᠩᠭ᠎ᠠ ᠠᠳᠬᠤᠵᠤ᠂ ᠮᠠᠨ ᠤ ᠰᠢᠶᠠᠨ ᠤ ᠡᠷᠡᠭᠦᠯ ᠪᠥᠭᠡᠳ ᠥᠨᠳᠥᠷ ᠪᠦᠲᠦᠮᠵᠢᠲᠡᠢ ᠬᠥᠭᠵᠢᠯᠲᠡ ᠳᠤ ᠬᠦᠴᠦᠨ ᠨᠡᠮᠡᠷᠢᠯᠡᠬᠦ ᠪᠠᠷ ᠤᠷᠢᠲᠠᠯ ᠪᠣᠯᠭᠠᠵᠤ᠂ ᠡᠭᠦᠷ ᠪᠠᠶᠢᠭᠤᠯᠤᠨ ᠭᠠᠷᠤᠳᠢ ᠭᠠᠯᠪᠢᠩᠭ᠎ᠠ ᠶᠢ ᠲᠠᠲᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠰᠠᠶᠢᠲᠤᠷ ᠬᠢᠵᠦ᠂ ᠵᠣᠬᠢᠴᠠᠭᠤᠯᠤᠨ ᠬᠠᠮᠲᠤᠷᠠᠯᠴᠠᠬᠤ ᠪᠠᠨ ᠴᠢᠩᠭᠠᠳᠬᠠᠵᠤ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠪᠡ᠃      ᠬᠤᠷᠠᠯ ᠠᠴᠠ᠂ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠪᠠᠲᠤᠳᠬᠠᠵᠤ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠪᠤᠶᠢᠯᠭᠠᠬᠤ ᠪᠣᠯ ᠨᠢᠭᠡ ᠵᠦᠢᠯ ᠤᠨ ᠤᠯᠤᠰ ᠲᠦᠷᠦ ᠶᠢᠨ ᠡᠭᠦᠷᠭᠡ ᠪᠣᠯᠬᠤ ᠪᠠᠷ ᠪᠠᠷᠠᠬᠤ ᠦᠭᠡᠢ ᠪᠠᠰᠠ ᠤᠯᠠᠨ ᠲᠦᠮᠡᠨ ᠤ ᠦᠵᠡᠰᠬᠦᠯᠡᠩᠲᠦ ᠰᠠᠶᠢᠬᠠᠨ ᠠᠮᠢ ᠠᠬᠤᠢ ᠣᠷᠴᠢᠨ ᠲᠣᠭᠤᠷᠢᠨ ᠳᠤ ᠲᠠᠯᠪᠢᠵᠤ ᠪᠠᠶᠢᠭ᠎ᠠ ᠴᠢᠩ ᠰᠡᠳᠬᠢᠯ ᠤᠨ ᠬᠦᠰᠡᠯ ᠡᠷᠡᠮᠡᠯᠵᠡᠯ ᠪᠣᠯᠤᠨ᠎ᠠ᠂ ᠡᠭᠦᠨ ᠢ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ︔ ᠲᠦᠷᠭᠡᠨ ᠠᠬᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠴᠢᠩᠳᠠᠯᠠᠵᠤ᠂ ᠠᠵᠢᠯ ᠤᠨ ᠠᠬᠢᠴᠠ ᠶᠢ ᠲᠦᠷᠭᠡᠳᠬᠡᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ ᠴᠢᠨᠠᠷ ᠰᠠᠶᠢᠲᠠᠶ ᠥᠨᠳᠥᠷ ᠪᠠᠷᠢᠮᠵᠢᠶ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠲᠣᠳᠣᠷᠬᠠᠶ ᠪᠣᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ︔ ᠤᠷᠳᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠬᠦ ᠬᠡᠷᠡᠭᠲᠡᠢ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠣᠯ ᠬᠠᠲᠠᠭᠤ ᠳᠠᠶᠢᠯᠠᠯᠳᠤᠭᠠᠨ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠪᠣᠯᠬᠤ ᠶᠢ ᠲᠤᠪᠤᠶᠢᠯᠭᠠᠵᠦ᠂ ᠥᠴᠦᠬᠡᠨ ᠴᠦ ᠰᠤᠯᠠᠷᠠᠭᠤᠯᠵᠤ ᠪᠣᠯᠬᠤ ᠦᠭᠡᠢ᠂ ᠦᠷᠭᠦᠯᠵᠢᠯᠡᠨ ᠬᠦᠴᠦᠯᠡᠵᠦ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠬᠠᠮᠲᠤ᠂ ᠰᠠᠭᠤᠷᠢ ᠪᠠᠨ ᠲᠠᠰᠤᠷᠠᠯᠳᠡ ᠦᠭᠡᠢ ᠪᠠᠬᠢᠵᠢᠭᠦᠯᠵᠦ᠂ ᠦᠴᠤᠸᠠᠨ ᠰᠢᠶᠠᠨ ᠤ ᠪᠣᠳᠠᠲᠠᠢ ᠪᠠᠶᠢᠳᠠᠯ ᠳᠤ ᠰᠠᠭᠤᠷᠢᠯᠠᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠳᠡ ᠦᠭᠡᠢ ᠰᠠᠶᠢᠵᠢᠷᠠᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠬᠡᠷᠡᠭᠲᠡᠢ ᠭᠡᠪᠡ᠃      ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠤᠨ ᠪᠠᠶᠢᠷᠢᠯᠠᠭᠤᠯᠪᠠ᠃ 
ᠢᠷᠡᠯᠲᠡ᠄ ᠦᠴᠤᠸᠠᠨ ᠰᠢᠶᠠᠨ ᠤ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ