ᠾᠧ ᠬᠠᠢ ᠳ᠋ᠦᠩ ᠱᠠᠨᠰᠢ ᠶᠢᠨ ᠰᠠᠨ ᠶᠧ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠦ᠋ ᠰᠦᠩ ᠸᠧᠢ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2022/5/12
      ︵ᠰᠤᠷᠪᠤᠯᠵᠢᠯᠠᠭᠴᠢ ᠯᠢᠶᠠᠩ ᠵᠢᠩ ᠱᠸ︶ 5 ᠳ᠋ᠤᠭᠠᠷ ᠰᠠᠷ᠎ᠠ ᠶᠢᠨ 11 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠱᠠᠨᠰᠢ ᠶᠢᠨ ᠰᠠᠨ ᠶᠧ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠦ᠋ ᠰᠦᠩ ᠸᠧᠢ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠬᠦ ᠲᠠᠯ᠎ᠠ ᠪᠠᠷ ᠭᠦᠨᠵᠡᠭᠡᠢ ᠵᠥᠪᠳᠡᠯᠴᠡᠪᠡ᠃      ᠾᠧ ᠬᠠᠢ ᠳ᠋ᠦᠩ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠦ᠋ ᠰᠦᠩ ᠸᠧᠢ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠬᠥᠬᠡᠬᠤᠲᠠ ᠣᠲᠣ ᠶᠠᠭ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠣᠰᠣᠭᠠᠷ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠥᠭᠡᠮᠨᠡᠷᠡᠯ ᠢ ᠶᠡᠭᠡ ᠪᠠᠷ ᠬᠥᠮᠥᠵᠢᠭᠦᠯᠵᠦ᠂ ᠪᠥᠬᠦ ᠤᠯᠤᠰ ᠤᠨ ᠠᠮᠢᠲᠠᠨ ᠤ ᠸᠠᠺᠼᠢᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠣᠨ ᠠᠮᠢᠳᠤ ᠪᠣᠳᠠᠰ ᠤᠨ ᠡᠮ ᠦᠶᠯᠡᠳᠬᠦ ᠰᠠᠭᠤᠷᠢᠨ ᠭᠠᠵᠠᠷ ᠢ ᠪᠠᠶᠢᠭᠤᠯᠵᠤ᠂ ᠡᠮ ᠦᠶᠯᠡᠳᠬᠦ ᠠᠵᠤ ᠦᠢᠯᠡᠰ ᠤᠨ ᠪᠣᠬᠢᠷᠳᠤᠯ ᠦᠭᠡᠢ ᠲᠡᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ ᠪᠠᠶᠢᠨ᠎ᠠ᠃ ᠣᠳᠣᠬᠠᠨ ᠳᠤ᠂ ᠬᠥᠬᠡᠬᠤᠲᠠ ᠶᠠᠭ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ᠂ ᠴᠢᠨᠠᠷ ᠰᠠᠶᠢᠲᠠᠢ ᠬᠥᠭᠵᠢᠯᠲᠡ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠱᠠᠨᠰᠢ ᠶᠢᠨ ᠰᠠᠨ ᠶᠧ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠰᠢᠭ᠋ ᠡᠶᠢᠮᠦ ᠠᠵᠤ ᠠᠬᠤᠶᠢᠯᠠᠯ ᠲᠠᠢ ᠨᠡᠩ ᠤᠯᠠᠨ ᠬᠦᠷᠢᠶ᠎ᠡ ᠴᠠᠷᠠᠭ᠎ᠠ᠂ ᠨᠡᠩ ᠭᠦᠨ ᠲᠡᠰ ᠳᠠᠪᠬᠤᠷᠭ᠎ᠠ ᠳᠤ ᠬᠠᠮᠳᠤᠷᠠᠯᠴᠠᠵᠤ᠂ ᠬᠠᠮᠲᠤᠷᠠᠯᠴᠠᠭᠠᠨ ᠤ ᠦᠷ᠎ᠡ ᠪᠦᠲᠦᠭᠡᠯ ᠢᠶᠠᠨ ᠥᠷᠭᠡᠳᠬᠡᠬᠦ ᠨᠢ ᠲᠤᠯᠭᠠᠮ᠎ᠠ ᠱᠠᠭᠠᠷᠳᠠᠭᠳᠠᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠰᠣᠯᠢᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠬᠠᠮᠲᠤᠷᠠᠯᠴᠠᠭᠠᠨ ᠤ ᠴᠡᠭ ᠢᠶᠠᠨ ᠣᠨᠣᠪᠴᠢᠲᠠᠢ ᠣᠯᠵᠤ᠂ ᠪᠡᠯᠡ ᠣᠷᠣᠭᠤᠯᠤᠯᠲᠠ ᠳᠤ ᠡᠷᠲᠡᠬᠡᠨ ᠭᠠᠷ ᠤᠨ ᠦᠰᠦᠭ ᠵᠢᠷᠤᠵᠤ᠂ ᠣᠷᠣᠨ ᠤ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠪᠠᠷ ᠴᠢᠷᠮᠠᠶᠢᠬᠤ ᠶᠢ ᠬᠦᠰᠡᠵᠦ ᠪᠠᠶᠢᠨ᠎ᠠ᠃ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠦᠢᠯᠡᠴᠢᠯᠡᠭᠡᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠠᠬᠤᠶᠢᠯᠠᠯ ᠳᠤ ᠦᠢᠯᠡᠴᠢᠯᠡᠬᠦ ︽ᠦᠢᠯᠡᠴᠢᠯᠡᠭᠴᠢ︾ ᠪᠣᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠬᠥᠬᠡᠬᠤᠲᠠ ᠳᠤ ᠪᠠᠶᠢᠭ᠎ᠠ ᠠᠵᠤ ᠠᠬᠤᠶᠢᠯᠠᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠢᠳᠡᠪᠬᠢᠲᠡᠢ ᠲᠦᠯᠬᠢᠨ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠶᠢ ᠪᠡᠶᠡᠯᠡᠭᠦᠯᠬᠦ ᠪᠠᠷ ᠴᠢᠷᠮᠠᠶᠢᠨ᠎ᠠ ᠭᠡᠵᠡᠢ᠃       ᠦ᠋ ᠰᠥᠩ ᠸᠧᠢ ᠺᠣᠮᠫᠠᠨᠢ ᠶᠢᠨ ᠲᠥᠷᠥᠯ ᠵᠦᠢᠯ ᠤᠨ ᠠᠬᠤᠢ ᠪᠠᠶᠢᠳᠠᠯ᠂ ᠣᠲᠣ ᠶᠢᠨ ᠪᠠᠶᠢᠭ᠎ᠠ ᠦᠷ᠎ᠡ ᠪᠦᠲᠦᠭᠡᠯ᠂ ᠪᠡᠯᠡ ᠣᠷᠣᠭᠤᠯᠤᠯᠲᠠ ᠶᠢᠨ ᠰᠠᠨᠠᠮᠵᠢ ᠵᠡᠷᠭᠡ ᠪᠠᠶᠢᠳᠠᠯ ᠢ ᠲᠣᠪᠴᠢ ᠲᠠᠨᠢᠯᠴᠠᠭᠤᠯᠵᠤ᠂ ᠬᠥᠬᠡᠬᠤᠲᠠ ᠳᠤ ᠪᠡᠯᠡ ᠣᠷᠣᠭᠤᠯᠬᠤ ᠳᠤ ᠢᠲᠡᠭᠡᠯ ᠳᠦᠭᠦᠷᠡᠩ ᠪᠠᠶᠢᠬᠤ ᠪᠥᠭᠡᠳ ᠺᠣᠮᠫᠠᠨᠢ ᠶᠢᠨ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠥᠬᠡᠬᠤᠲᠠ ᠲᠠᠢ ᠬᠠᠮᠢᠶ᠎ᠠ ᠪᠦᠬᠦᠢ ᠬᠦᠷᠢᠶᠡᠨ ᠳᠠᠬᠢ ᠬᠠᠮᠲᠤᠷᠠᠯᠴᠠᠭ᠎ᠠ ᠶᠢ ᠡᠷᠢᠯᠬᠢᠯᠡᠵᠦ᠂ ᠬᠠᠮᠲᠤᠷᠠᠯᠴᠠᠭᠠᠨ ᠤ ᠲᠥᠷᠥᠯ ᠵᠦᠢᠯ ᠢ ᠴᠢᠷᠮᠠᠶᠢᠨ ᠬᠡᠷᠡᠭᠵᠢᠭᠦᠯᠵᠦ᠂ ᠣᠷᠣᠨ ᠤ ᠲᠥᠪ ᠬᠤᠲᠠ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠥᠭᠡᠮᠨᠡᠷᠡᠯ ᠤᠨ ᠬᠥᠭᠵᠢᠯᠲᠡ ᠶᠢ ᠲᠦᠷᠭᠡᠳᠬᠡᠬᠦ ᠳᠤ ᠬᠦᠴᠦᠨ ᠨᠡᠮᠡᠷᠢᠯᠡᠨ᠎ᠡ ᠭᠡᠵᠦ ᠢᠯᠡᠷᠬᠡᠶᠢᠯᠡᠪᠡ᠃      ᠬᠤᠲᠠ ᠶᠢᠨ ᠳᠡᠳ᠋ ᠳᠠᠷᠤᠭ᠎ᠠ ᠵᠠᠩ ᠶᠦᠩ ᠸᠧᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠰᠢᠶᠣᠣ ᠳ᠋ᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ