ᠪᠣᠣ ᠭᠠᠩ ᠾᠧ ᠬᠠᠢ ᠳ᠋ᠦᠩ ᠵᠦᠩ ᠯᠢᠶᠠᠩ ᠪᠦᠯᠦᠭᠯᠡᠯ ᠤᠨ ᠳᠡᠳ᠋ ᠶᠡᠷᠦᠩᠬᠡᠢ ᠵᠠᠬᠢᠷᠤᠯ᠂ ᠮᠧᠩ ᠨᠢᠦ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠴᠧᠨ ᠯᠠᠩ ᠨᠠᠷ  ᠲᠠᠢ ᠠᠭᠤᠯᠵᠠᠪᠠ
ᠨᠡᠶᠢᠲᠡᠯᠡᠭᠰᠡᠨ ᠴᠠᠭ᠄
2022/5/12
      ︵ᠰᠤᠷᠪᠤᠯᠵᠢᠯᠠᠭᠴᠢ ᠶᠦᠨ ᠵᠢᠩ︶ 5 ᠳ᠋ᠤᠭᠠᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠵᠦᠩ ᠯᠢᠶᠠᠩ ᠪᠦᠯᠦᠭᠯᠡᠯ ᠤᠨ ᠳᠡᠳ᠋ ᠶᠡᠷᠦᠩᠬᠡᠢ ᠵᠠᠬᠢᠷᠤᠯ᠂ ᠮᠧᠩ ᠨᠢᠦ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠴᠧᠨ ᠯᠠᠩ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠢ ᠪᠣᠳᠠᠲᠠᠢ ᠶᠢ ᠡᠷᠬᠢᠮᠯᠡᠭᠰᠡᠨ ᠶᠠᠷᠢᠯᠴᠠᠭ᠎ᠠ ᠬᠢᠵᠡᠢ᠃      ᠪᠣᠣ ᠭᠠᠩ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠢ ᠲᠥᠯᠥᠭᠡᠯᠡᠨ ᠴᠧᠨ ᠯᠠᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠵᠦᠩ ᠯᠢᠶᠠᠩ ᠪᠦᠯᠦᠭᠯᠡᠯ ᠵᠢᠴᠢ ᠲᠡᠭᠦᠨ ᠤ ᠳᠣᠣᠷᠠᠬᠢ ᠮᠧᠩ ᠨᠢᠦ ᠪᠦᠯᠦᠭᠯᠡᠯ ᠤᠨ ᠬᠥᠬᠡᠬᠤᠲᠠ ᠳᠤ ︽ᠳᠤᠮᠳᠠᠳᠤ ᠤᠯᠤᠰ ᠤᠨ ᠰᠦ ᠶᠢᠨ ᠬᠤᠳᠠ︾ ᠶᠢᠨ ᠲᠡᠰ ᠳᠡᠪᠰᠢᠭᠰᠡᠨ ᠬᠡᠪ ᠢ ᠪᠠᠶᠢᠭᠤᠯᠬᠤ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠪᠣᠣ ᠭᠠᠩ ᠬᠡᠯᠡᠬᠦ ᠳᠡᠭᠡᠨ᠂ ᠬᠥᠬᠡᠬᠤᠲᠠ ᠶᠢᠨ ᠬᠢᠨ ᠰᠦ ᠶᠢᠨ ᠦᠢᠯᠡᠰ᠂ ᠡᠪᠡᠰᠦᠨ ᠦᠷ᠎ᠡ ᠶᠢᠨ ᠦᠢᠯᠡᠰ ᠢᠶᠠᠷ ᠲᠣᠯᠣᠭᠠᠶᠢᠯᠠᠭᠤᠯᠤᠭᠰᠠᠨ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠥᠭᠡᠮᠨᠡᠷᠡᠯ ᠢ ᠢᠳᠡᠪᠬᠢᠲᠡᠢ ᠪᠣᠶᠢᠵᠢᠭᠤᠯᠬᠤ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠪᠠ ᠤᠯᠤᠰ ᠤᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠪᠣᠯᠣᠨ᠎ᠠ᠂ ᠮᠥᠨᠴᠦ ᠣᠷᠣᠨ ᠤ ᠲᠥᠪ ᠬᠤᠲᠠ ᠰᠢᠨ᠎ᠡ ᠬᠥᠭᠵᠢᠯᠲᠡ ᠶᠢᠨ ᠱᠠᠲᠤ ᠦᠶ᠎ᠡ᠂ ᠰᠢᠨ᠎ᠡ ᠬᠥᠭᠵᠢᠯᠲᠡ ᠶᠢᠨ ᠪᠠᠶᠢᠷᠢᠰᠢᠯ ᠤᠨ ᠳᠤᠮᠳᠠ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ︽ᠣᠷᠣᠨ ᠤ ᠲᠥᠪ ᠬᠤᠲᠠ ᠶᠢ ᠬᠦᠴᠦᠷᠬᠡᠭᠵᠢᠭᠦᠯᠬᠦ︾ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠣᠨ᠎ᠠ᠃ ᠵᠦᠩ ᠯᠢᠶᠠᠩ ᠪᠦᠯᠦᠭᠯᠡᠯ ᠨᠢ ᠲᠥᠪ ᠤᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠵᠣᠭᠰᠣᠴᠠ ᠥᠨᠳᠥᠷ᠂ ᠬᠠᠷᠢᠭᠤᠴᠠᠯᠭ᠎ᠠ ᠡᠭᠦᠷᠭᠡᠯᠡᠯ ᠢ ᠡᠷᠬᠢᠮᠯᠡᠳᠡᠭ᠂ ᠬᠥᠬᠡᠬᠤᠲᠠ ᠲᠠᠢ ᠬᠠᠮᠲᠤᠷᠠᠯᠴᠠᠭᠠᠨ ᠤ ᠥᠷᠭᠡᠨ ᠠᠭᠤᠳᠠᠮ ᠣᠷᠣᠨ ᠵᠠᠢ ᠪᠠ ᠮᠠᠰᠢ ᠶᠡᠭᠡ ᠬᠥᠭᠵᠢᠯᠲᠡ ᠶᠢᠨ ᠲᠠᠯᠳᠠ ᠬᠦᠴᠦᠨ ᠲᠠᠢ ᠶᠤᠮ᠂ ᠬᠤᠶᠠᠷ ᠲᠠᠯ᠎ᠠ ᠪᠠᠷ ᠢᠶᠠᠨ ᠣᠳᠣᠬᠠᠨ ᠤ ᠪᠠᠶᠢᠳᠠᠯ ᠳᠠᠭᠠᠨ ᠰᠠᠭᠤᠷᠢᠯᠠᠨ ᠢᠷᠡᠭᠡᠳᠦᠢ ᠳᠤ ᠬᠠᠨᠳᠤᠵᠤ᠂ ᠤᠯᠠᠨ ᠬᠦᠷᠢᠶᠡᠨ ᠤ ᠪᠦᠬᠦ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠨᠡᠩ ᠥᠨᠳᠥᠷ ᠲᠦᠪᠰᠢᠨ ᠪᠦᠬᠦᠢ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠪᠠᠷ ᠴᠢᠷᠮᠠᠶᠢᠬᠤ ᠶᠢ ᠬᠦᠰᠡᠵᠦ ᠪᠠᠶᠢᠨ᠎ᠠ᠃ ᠡᠭᠦᠨ ᠤ ᠬᠠᠮᠲᠤ᠂ ᠠᠵᠤ ᠠᠬᠤᠶᠢᠯᠠᠯ ᠨᠢ ᠪᠠᠰᠠ ᠮᠧᠩ ᠨᠢᠦ ᠶᠢᠨ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠳᠤ ᠨᠠᠩ ᠶᠡᠭᠡ ᠰᠢᠢᠳᠮᠡᠬᠡᠢ ᠵᠣᠷᠢᠭ᠂ ᠨᠠᠩ ᠶᠡᠭᠡ ᠡᠷᠴᠢᠮ ᠢᠶᠠᠷ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ︽ᠨᠢᠭᠡ ᠠᠳᠬᠤ ᠡᠪᠡᠰᠦ ᠠᠴᠠ ᠨᠢᠭᠡ ᠴᠣᠮᠣ ᠰᠦ ᠬᠦᠷᠲᠡᠯᠡᠬᠢ︾ ᠪᠥᠬᠦ ᠬᠡᠯᠬᠢᠶ᠎ᠡ ᠶᠢᠨ ᠲᠣᠭᠤᠷᠢᠨ ᠳᠤ ᠠᠵᠤ ᠦᠢᠯᠡᠰ ᠤᠨ ᠬᠡᠯᠬᠢᠶ᠎ᠡ ᠪᠣᠯᠣᠨ ᠰᠢᠨ᠎ᠡ ᠶᠢ ᠡᠭᠦᠳᠬᠦ ᠬᠡᠯᠬᠢᠶ᠎ᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠣᠷᠣᠨ ᠤ ᠲᠥᠪ ᠬᠤᠲᠠ ᠶᠢᠨ ︽ᠳᠤᠮᠳᠠᠳᠤ ᠤᠯᠤᠰ ᠤᠨ ᠰᠦ ᠶᠢᠨ ᠬᠤᠲᠠ︾ ᠪᠠᠶᠢᠭᠰᠠᠨ ᠠᠴᠠ ᠪᠠᠨ ︽ᠳᠡᠯᠡᠬᠡᠢ ᠶᠢᠨ ᠰᠦ ᠶᠢᠨ ᠬᠤᠲᠠ︾ ᠳᠠᠰᠢ ᠲᠦᠷᠭᠡᠨ ᠤᠷᠤᠭᠰᠢᠯᠠᠬᠤ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠡᠯ᠎ᠡ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠳᠤ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠡᠯᠡ ᠣᠷᠣᠭᠤᠯᠤᠨ ᠬᠥᠭᠵᠢᠬᠦ ᠣᠷᠴᠢᠨ ᠲᠣᠭᠤᠷᠢᠨ ᠢ ᠬᠠᠩᠭᠠᠨ᠎ᠠ ᠭᠡᠵᠡᠢ᠃      ᠴᠧᠨ ᠯᠠᠩ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠤᠷᠳᠤ ᠬᠤᠭᠤᠴᠠᠭᠠᠨ ᠤ ᠲᠤᠷᠰᠢ ᠵᠦᠩ ᠯᠢᠶᠠᠩ ᠪᠦᠯᠦᠭᠯᠡᠯ ᠪᠣᠯᠣᠨ ᠲᠡᠭᠦᠨ ᠤ ᠳᠣᠣᠷᠠᠬᠢ ᠮᠧᠩ ᠨᠢᠦ ᠪᠦᠯᠦᠭᠯᠡᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠵᠦᠩ ᠯᠢᠶᠠᠩ ᠪᠦᠯᠦᠭᠯᠡᠯ ᠤᠨ ᠡᠯ᠎ᠡ ᠬᠡᠰᠡᠭ ᠤᠨ ᠲᠤᠬᠠᠶᠢᠯᠠᠭᠰᠠᠨ ᠠᠵᠢᠯ ᠵᠢᠴᠢ ᠬᠥᠬᠡᠬᠤᠲᠠ ᠳᠠᠬᠢ ᠲᠦᠷᠦᠯ ᠵᠦᠢᠯ ᠤᠨ ᠬᠥᠭᠵᠢᠯᠲᠡ ᠶᠢ ᠠᠬᠢᠭᠤᠯᠤᠭᠰᠠᠨ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ᠂ ᠲᠥᠪ ᠬᠤᠳᠠ ᠶᠢᠨ ᠡᠷᠴᠢ ᠬᠦᠴᠦᠲᠡᠢ ᠬᠥᠭᠵᠢᠯᠲᠡ ᠶᠢᠨ ᠬᠠᠨᠳᠤᠰᠢ ᠪᠣᠯᠣᠨ ᠺᠠᠳ᠋ᠷᠴᠤᠳ ᠤᠨ ᠠᠵᠢᠯ ᠬᠢᠵᠦ ᠦᠢᠯᠡᠰ ᠪᠦᠲᠦᠬᠡᠬᠦ ᠣᠷᠭᠢᠯᠤᠮ᠎ᠠ ᠰᠡᠳᠬᠢᠯᠭᠡ ᠶᠢ ᠭᠦᠨᠵᠡᠭᠡᠢ ᠮᠡᠳᠡᠷᠡᠯ᠎ᠡ᠃ ᠠᠵᠤ ᠠᠬᠤᠶᠢᠯᠠᠯ ᠠᠴᠠ ᠬᠥᠬᠡᠬᠤᠲᠠ ᠲᠠᠢ ᠭᠠᠷ ᠬᠤᠯᠪᠣᠨ᠂ ᠮᠧᠩ ᠨᠢᠦ ᠶᠢᠨ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠬᠦ ᠶᠢᠨ ᠬᠠᠮᠲᠤ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠰᠦ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶᠡᠵᠢᠯ ᠤᠨ ᠪᠥᠭᠡᠮᠨᠡᠷᠡᠯ ᠢ ᠪᠣᠶ ᠪᠣᠯᠭᠠᠬᠤ ᠵᠡᠷᠭᠡ ᠲᠠᠯ᠎ᠠ ᠪᠠᠷ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠬᠠᠮᠲᠤᠷᠠᠯᠴᠠᠬᠤ ᠡᠷᠴᠢᠮ ᠢᠶᠠᠨ ᠴᠢᠩᠭᠠᠷᠠᠭᠤᠯᠤᠨ᠂ ᠬᠠᠮᠲᠤᠷᠠᠯᠴᠠᠬᠤ ᠬᠡᠪᠴᠢᠶ᠎ᠡ ᠪᠠᠨ ᠥᠷᠭᠡᠳᠬᠡᠵᠦ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠ ᠣᠷᠣᠨ ᠤ ᠲᠥᠪ ᠬᠤᠲᠠ ᠶᠢᠨ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠡᠢ᠃       ᠬᠤᠳᠠ ᠶᠢᠨ ᠤᠳᠤᠷᠢᠳᠤᠯᠭ᠎ᠠ ᠴᠠᠩ ᠫᠧᠢ ᠵᠦᠩ᠂ ᠯᠢᠦ ᠵᠢᠢ ᠶᠢᠩ᠂ ᠯᠢᠦ ᠵᠢᠶᠠᠨ ᠭᠦᠸᠧ ᠵᠢᠴᠢ ᠬᠠᠮᠢᠶ᠎ᠠ ᠪᠦᠬᠦᠢ ᠭᠠᠵᠠᠷ ᠣᠷᠣᠨ ᠤ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ