ᠮᠠᠨ ᠤ ᠬᠤᠲᠠ ᠶᠢᠨ ᠣᠯᠠᠨ ᠰᠠᠯᠠᠭ᠎ᠠ ᠮᠥᠴᠢᠷ ᠬᠠᠮᠲᠤᠷᠠᠨ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠲᠦᠯᠬᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/5/12
      ︵ᠰᠤᠷᠪᠤᠯᠵᠢᠯᠠᠭᠴᠢ ᠰᠥᠩ ᠰᠢᠶᠠᠩ ᠬᠤᠸᠠ︶ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠪᠠᠷ ᠳᠡᠮᠵᠢᠨ᠂ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠬᠤᠲᠠ ᠶᠢᠨ ᠰᠢᠤᠳᠠᠨ ᠤ ᠬᠤᠪᠢᠶᠠᠷᠢ ᠺᠣᠮᠫᠠᠨᠢ ᠣᠶᠢᠷ᠎ᠠ ᠳᠤ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢ ᠬᠠᠮᠲᠤᠪᠠᠷ ᠪᠠᠶᠢᠭᠤᠯᠵᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠤᠯᠠᠮ ᠨᠢᠭᠡ ᠠᠯᠬᠤᠮ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠠᠮᠲᠤ ᠶᠢᠨ ᠲᠠᠨᠢᠯᠲᠠ ᠲᠠᠢ ᠪᠣᠯᠪᠠ᠃       ᠠᠵᠢᠯ ᠤᠨ ᠳᠤᠮᠳᠠ ᠪᠠᠨ᠂ ᠨᠢᠭᠡ ᠳᠤ ᠲᠦᠷᠭᠡᠨ ᠬᠦᠷᠭᠡᠯᠲᠡ ᠶᠢ ᠬᠥᠳᠡᠭᠡ ᠪᠠᠭᠤᠯᠭᠠᠬᠤ ᠢᠨᠵᠧᠨᠧᠷᠢᠩ ᠢ ᠦᠷᠭᠦᠯᠵᠢᠯᠡᠨ ᠲᠦᠷᠭᠡᠳᠬᠡᠨ ᠲᠡᠭᠦᠯᠳᠡᠷᠵᠢᠭᠦᠯᠵᠦ᠂ ᠰᠢᠤᠳᠠᠨ ᠤ ᠠᠵᠤ ᠠᠬᠤᠶᠢᠯᠠᠯ ᠤᠨ ᠰᠠᠭᠤᠷᠢ ᠪᠡᠯᠡᠳᠬᠡᠮᠵᠢ ᠲᠣᠣᠷ ᠰᠦᠯᠵᠢᠶ᠎ᠡ ᠶᠢᠨ ᠳᠠᠪᠠᠭᠤᠯᠢᠭ ᠢ ᠪᠠᠳᠠᠷᠠᠭᠤᠯᠤᠨ᠂ ᠣᠯᠠᠨ ᠲᠥᠷᠥᠯ ᠲᠡᠮᠳᠡᠭᠲᠦ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ ᠶᠢ ᠠᠬᠢᠭᠤᠯᠵᠤ᠂ ︽ᠰᠢᠤᠳᠠᠨ ᠲᠦᠷᠭᠡᠨ ᠬᠦᠷᠭᠡᠯᠲᠡ ᠶᠢᠨ ᠬᠠᠮᠲᠤᠷᠠᠯᠴᠠᠭ᠎ᠠ︾ ᠶᠢ ᠠᠬᠢᠭᠤᠯᠵᠤ᠂ 2022 ᠣᠨ ᠤ ᠡᠴᠦᠰ ᠲᠤ ᠮᠠᠨ ᠤ ᠬᠤᠲᠠ ᠶᠢᠨ ᠪᠠᠶᠢᠭᠤᠯᠤᠯᠲᠤ ᠲᠣᠰᠬᠤᠨ ᠳᠤ ᠲᠦᠷᠭᠡᠨ ᠬᠦᠷᠭᠡᠯᠲᠡ ᠶᠢᠨ ᠦᠢᠯᠡᠴᠢᠯᠡᠭᠡ ᠶᠢ ᠦᠨᠳᠦᠰᠦᠨ ᠳᠡᠭᠡᠨ ᠪᠦᠷᠬᠦᠭᠦᠯᠦᠨ᠎ᠡ᠃ ᠬᠤᠶᠠᠷ ᠲᠤ ᠰᠢᠶᠠᠨ ᠤ ᠬᠡᠪᠴᠢᠶᠡᠨ ᠤ ᠭᠤᠷᠪᠠᠨ ᠱᠠᠲᠤᠨ ᠤ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠣᠰᠬᠤᠨ ᠤ ᠱᠠᠲᠤᠨ ᠤ ᠭᠤᠪᠢᠭᠤᠯᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠡᠭᠡᠭᠡᠯᠲᠡ ᠲᠠᠢ ᠲᠠᠷᠢᠶᠠᠴᠢᠳ ᠲᠤ ᠠᠰᠢᠭ ᠬᠦᠷᠲᠡᠭᠡᠬᠦ᠂ ᠡᠷᠴᠢᠮᠵᠢᠭᠦᠯᠦᠨ ᠬᠠᠮᠲᠤᠪᠠᠷ ᠡᠳ᠋ᠯᠡᠬᠦ᠂ ᠠᠮᠤᠷ ᠲᠦᠪᠰᠢᠨ ᠥᠨᠳᠥᠷ ᠪᠦᠲᠦᠮᠵᠢᠲᠡᠶ᠂ ᠬᠤᠣᠰ ᠴᠢᠭᠯᠡᠯ ᠢᠶᠠᠷ ᠰᠠᠭᠠᠳ ᠦᠭᠡᠢ ᠨᠡᠪᠲᠡᠷᠡᠬᠦ ᠬᠥᠳᠡᠭᠡ ᠲᠣᠰᠬᠤᠨ ᠤ ᠭᠤᠪᠢᠭᠤᠯᠭ᠎ᠠ  ᠶᠢᠨ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠵᠠᠷᠴᠢᠮ ᠶᠣᠰᠣᠭᠠᠷ᠂ ᠰᠢᠤᠳᠠᠨ ᠤ ᠬᠠᠮᠢᠶᠠᠷᠤᠯᠲᠠ᠂ ᠬᠤᠳᠠᠯᠳᠤᠭᠠᠨ ᠤ ᠶᠠᠪᠤᠳᠠᠯ᠂ ᠬᠠᠩᠭᠠᠨ ᠪᠣᠷᠣᠯᠠᠭᠤᠯᠬᠤ᠂ ᠠᠵᠤ ᠠᠬᠤᠶᠢᠯᠠᠯ ᠤᠳ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠲᠤᠯᠭᠠᠭᠤᠷᠢᠯᠠᠬᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠬᠤᠪᠢᠶᠠᠨ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠲᠦᠷᠭᠡᠨ ᠬᠦᠷᠭᠡᠯᠲᠡ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢᠨ ᠲᠣᠭᠲᠠᠭᠤᠨ ᠪᠠᠶᠢᠬᠤ ᠪᠠ ᠦᠷᠭᠦᠯᠵᠢᠯᠡᠨ ᠠᠵᠢᠯᠯᠠᠬᠤ ᠶᠢ ᠪᠠᠲᠤᠯᠠᠨ᠎ᠠ᠃ ᠭᠤᠷᠪᠠ ᠳᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠶᠠᠪᠤᠳᠠᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠂ ᠰᠢᠶᠠᠨ ᠤ ᠬᠤᠲᠠ ᠪᠠᠷ ᠲᠥᠪ ᠪᠣᠯᠭᠠᠵᠤ᠂ ᠰᠢᠶᠠᠩ ᠪᠠᠯᠭᠠᠰᠤ ᠪᠠᠷ ᠭᠤᠣᠯᠳᠠᠯᠭ᠎ᠠ ᠪᠣᠯᠭᠠᠵᠤ᠂ ᠲᠣᠰᠬᠤᠨ ᠢᠶᠠᠷ ᠰᠠᠭᠤᠷᠢ ᠪᠣᠯᠭᠠᠨ᠂ ᠰᠢᠶᠠᠩ ᠪᠠᠯᠭᠠᠰᠤᠨ ᠤ ᠠᠷᠠᠯᠵᠢᠶ᠎ᠠ ᠬᠤᠳᠠᠯᠳᠤᠭᠠᠨ ᠤ ᠲᠥᠪ ᠤᠨ ᠪᠠᠶᠢᠷᠢ ᠰᠠᠭᠤᠷᠢ ᠶᠢ ᠳᠣᠪᠣᠶᠢᠯᠭᠠᠵᠤ᠂ ᠬᠥᠳᠡᠭᠡ ᠲᠣᠰᠬᠤᠨ ᠤ ᠤᠯᠠᠮᠵᠢᠯᠠᠯᠲᠤ ᠬᠤᠳᠠᠯᠳᠤᠭᠠᠨ ᠤ ᠲᠣᠣᠷ ᠴᠡᠭ ᠢ ᠥᠭᠡᠷᠡᠴᠢᠯᠡᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠬᠥᠳᠡᠭᠡ ᠲᠣᠰᠬᠤᠨ ᠳᠤ ᠣᠷᠣᠬᠤ ᠶᠢ ᠵᠣᠷᠢᠭᠵᠢᠭᠤᠯᠵᠤ᠂ ᠲᠠᠪᠴᠠᠩ ᠤᠨ ᠪᠣᠷᠤᠯᠠᠭᠤᠯᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠳᠡᠭᠡᠭᠰᠢ ᠶᠠᠪᠤᠬᠤ ᠴᠢᠳᠠᠪᠤᠷᠢ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠤᠨ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠲᠣᠬᠢᠷᠠᠭᠤᠯᠤᠨ ᠬᠦᠷᠭᠡᠬᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠠᠪᠬᠤ᠂ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠵᠡᠷᠭᠡ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ᠂ ᠲᠣᠰᠬᠤᠨ ᠤ ᠰᠢᠤᠳᠠᠨ ᠤ ᠥᠷᠲᠡᠭᠡ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ︽ᠣᠯᠠᠨ ᠥᠷᠲᠡᠭᠡ ᠶᠢ ᠨᠢᠭᠡᠳᠬᠡᠬᠦ︾ ᠶᠢ ᠵᠣᠷᠢᠭᠵᠢᠭᠤᠯᠤᠨ᠂ ᠳᠠᠪᠬᠤᠴᠠᠭᠰᠠᠨ ᠬᠥᠭᠵᠢᠯᠲᠡ ᠶᠢᠨ ᠦᠢᠯᠡᠴᠢᠯᠡᠭᠡ ᠶᠢ ᠬᠠᠮᠲᠤᠪᠠᠷ ᠡᠳ᠋ᠯᠡᠵᠦ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠶᠠᠪᠤᠳᠠᠯ ᠤᠨ ᠴᠡᠴᠡᠭᠯᠡᠨ ᠬᠥᠭᠵᠢᠬᠦ ᠶᠢ ᠬᠠᠮᠲᠤᠪᠠᠷ ᠲᠦᠯᠬᠢᠨ ᠠᠬᠢᠭᠤᠯᠤᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ