ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠬᠤᠶᠠᠷ ᠱᠠᠲᠤᠨ ᠤ ᠠᠵᠢᠯᠴᠢᠨ ᠤ ᠡᠪᠯᠡᠯ ︽5 .12︾ ᠤᠨ ᠣᠯᠠᠨ ᠤᠯᠤᠰ ᠤᠨ ᠰᠤᠪᠢᠯᠠᠭᠴᠢ ᠶᠢᠨ ᠪᠠᠶᠠᠷ ᠤᠨ ᠱᠠᠩᠬᠠᠢ ᠭᠢᠷᠢᠨ ᠢ ᠲᠤᠰᠠᠯᠠᠭᠰᠠᠨ ᠰᠣᠪᠢᠯᠠᠭᠴᠢᠳ ᠢ ᠡᠷᠭᠢᠨ ᠦᠵᠡᠵᠦ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/5/12
微信图片_20220512112706.jpg
      ᠨᠠᠶᠢᠲ᠋ᠢᠩᠭ᠍ᠸᠢᠢᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ 111 ᠳᠠᠬᠢ ᠣᠯᠠᠨ ᠤᠯᠤᠰ ᠤᠨ ᠰᠤᠪᠢᠯᠠᠭᠴᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 5 ᠳ᠋ᠤᠭᠠᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠬᠤᠶᠠᠷ ᠱᠠᠲᠤᠨ ᠤ ᠠᠵᠢᠯᠴᠢᠨ ᠤ ᠡᠪᠯᠡᠯ ︽5. 12︾ ᠤᠨ ᠣᠯᠠᠨ ᠤᠯᠤᠰ ᠤᠨ ᠰᠤᠪᠢᠯᠠᠭᠴᠢ ᠶᠢᠨ ᠪᠠᠶᠠᠷ ᠤᠨ ᠱᠠᠩᠬᠠᠢ ᠭᠢᠷᠢᠨ ᠢ ᠲᠤᠰᠠᠯᠠᠭᠰᠠᠨ  ᠰᠣᠪᠢᠯᠠᠭᠴᠢᠳ ᠢ ᠡᠷᠭᠢᠨ ᠦᠵᠡᠵᠦ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃      ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠳᠡᠳ᠋ ᠲᠡᠷᠢᠭᠦᠯᠡᠭᠴᠢ ᠪᠦᠦ ᠲᠢᠶᠧ ᠴᠢᠶᠠᠩ ᠵᠢᠴᠢ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠳᠤ ᠬᠦᠷᠴᠦ ᠱᠠᠩᠬᠠᠢ ᠭᠢᠷᠢᠨ ᠢ ᠲᠤᠰᠠᠯᠠᠭᠰᠠᠨ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠡᠷᠡᠯᠬᠡᠭᠯᠡᠨ ᠠᠵᠢᠯᠯᠠᠵᠤ ᠪᠠᠶᠢᠭ᠎ᠠ ᠥᠷᠭᠡᠨ ᠣᠯᠠᠨ ᠰᠤᠪᠢᠯᠠᠭᠴᠢ ᠶᠢ ᠲᠣᠬᠤᠨᠢᠭᠤᠯᠤᠭᠰᠠᠨ ᠪᠥᠭᠡᠳ ᠲᠡᠳᠡᠨ ᠳᠤ ᠲᠣᠬᠤᠨᠢᠭᠤᠯᠬᠤ ᠡᠳ᠋ ᠪᠣᠳᠠᠰ ᠬᠦᠷᠭᠡᠭᠰᠡᠨ ᠪᠠᠶᠢᠨ᠎ᠠ᠃      ᠪᠦᠦ ᠲᠢᠶᠧ ᠴᠢᠶᠠᠩ ᠱᠠᠩᠬᠠᠢ ᠭᠢᠷᠢᠨ ᠢ ᠲᠤᠰᠠᠯᠠᠨ ᠬᠢᠵᠢᠭ ᠲᠠᠢ ᠲᠡᠮᠡᠴᠡᠭᠰᠡᠨ ᠰᠣᠪᠢᠯᠠᠭᠴᠢᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠬᠦ ᠶᠢᠨ ᠬᠠᠮᠲᠤ ᠴᠠᠭᠠᠨ ᠨᠦᠮᠦᠷᠭᠡᠲᠦ ᠳᠠᠭᠢᠨᠢᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠡᠭᠦᠰᠦᠭᠰᠡᠨ ᠤ ᠳᠠᠷᠠᠭ᠎ᠠ ᠨᠠᠮ ᠤᠨ ᠲᠥᠪ ᠬᠤᠷᠢᠶᠠᠨ ᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠲᠠᠭᠠᠵᠦ᠂ ᠡᠷᠡᠯᠬᠡᠭ ᠪᠠᠭᠠᠲᠤᠷᠯᠢᠭ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠭᠠᠪᠰᠢᠭᠠᠶᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠮᠢ ᠨᠠᠰᠤ ᠶᠢ ᠬᠦᠨᠳᠦᠳᠬᠡᠬᠦ᠂ ᠦᠬᠦᠯ ᠠᠴᠠ ᠠᠪᠤᠷᠠᠨ ᠰᠢᠷᠬᠠᠲᠤᠭᠰᠠᠳ ᠢ ᠲᠡᠩᠬᠡᠷᠡᠭᠦᠯᠬᠦ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ᠂ ᠦᠯᠡᠮᠵᠢ ᠶᠢᠨ ᠬᠠᠶᠢᠷ᠎ᠠ ᠪᠠᠨ ᠡᠷᠬᠦᠬᠦ ᠡᠷᠬᠢᠮ ᠳᠡᠭᠡᠳᠦ ᠵᠣᠷᠢᠭ ᠰᠠᠨᠠᠭ᠎ᠠ ᠶᠢ ᠬᠠᠷᠠᠭᠤᠯᠤᠭᠰᠠᠨ ᠳᠤ ᠲᠠᠯᠠᠷᠬᠠᠪᠠ᠃ ︵ᠵᠢᠷᠤᠭ ᠤᠨ ᠢᠷᠡᠯᠲᠡ᠄ ᠬᠦᠬᠡᠬᠤᠲᠠ ᠶᠢᠨ ᠣᠷᠤᠢ ᠶᠢᠨ  ᠰᠣᠨᠢᠨ︶ 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ