ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 10 ᠤ ᠴᠠᠬᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ | ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ 10 ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠬᠤ ᠳᠠᠭᠠᠨ᠂ ᠵᠠᠯᠠᠭᠤ ᠨᠠᠰᠤ ᠬᠢᠵᠠᠭᠠᠯᠠᠰᠢ ᠦᠭᠡᠢ ᠬᠦᠰᠡᠯ ᠡᠷᠡᠮᠡᠯᠵᠡᠯ ᠢ | ᠬᠥᠪᠥᠷᠡᠭᠦᠯᠵᠦ᠂ ᠵᠠᠯᠠᠭᠤᠴᠤᠳ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠨ᠎ᠠ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠴᠠᠭ ᠲᠠᠭᠠᠨ | ᠲᠣᠬᠢᠶᠠᠵᠤ᠂ ᠬᠦᠨᠳᠦ ᠡᠭᠦᠷᠭᠡ ᠮᠥᠷᠥᠨ ᠳᠡᠭᠡᠷ᠎ᠡ ᠲᠠᠯᠪᠢᠭᠳᠠᠵᠤ᠂ ᠡᠷᠳᠡᠮ ᠴᠢᠳᠠᠪᠤᠷᠢ ᠪᠠᠨ ᠪᠠᠳᠠᠷᠠᠭᠤᠯᠬᠤ ᠲᠠᠪᠴᠠᠩ ᠬᠢᠵᠠᠭᠠᠯᠠᠰᠢ ᠦᠭᠡᠢ ᠥᠷᠭᠡᠨ ᠠᠭᠤᠳᠠᠮ ᠪᠠᠶᠢᠵᠤ᠂ | ᠬᠦᠰᠡᠯ ᠵᠡᠭᠦᠳᠦ ᠪᠠᠨ ᠲᠡᠷᠭᠡᠯᠰᠢᠭᠦᠯᠬᠦ ᠢᠷᠡᠭᠡᠳᠦᠢ ᠬᠢᠵᠠᠭᠠᠯᠠᠰᠢ ᠦᠭᠡᠢ ᠭᠡᠭᠡᠨ ᠰᠠᠷᠠᠭᠤᠯ ᠪᠠᠶᠢᠨ᠎ᠠ᠃ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠪᠣᠯ ᠲᠡᠦᠬᠡ ᠶᠢᠨ | ᠪᠤᠤᠬᠢᠶ᠎ᠠ ᠳᠠᠮᠵᠢᠭᠤᠯᠬᠤ ᠤᠷᠤᠯᠳᠤᠭᠠᠨ ᠮᠥᠨ᠂ ᠤᠳᠤ ᠦᠶ᠎ᠡ ᠶᠢᠨ ᠵᠠᠯᠠᠭᠤᠴᠤᠳ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠤᠷᠤᠯᠳᠤᠭᠠᠨ ᠤ ᠵᠠᠮ | ᠳᠡᠭᠡᠷ᠎ᠡ ᠡᠷᠡᠮᠡᠬᠡᠶᠢᠯᠡᠨ ᠲᠡᠮᠡᠴᠡᠬᠦ ᠬᠡᠷᠡᠭᠲᠡᠢ᠃ ᠡᠪ ᠬᠠᠮᠲᠤ ᠵᠠᠯᠠᠭᠤᠴᠤᠳ ᠤᠨ ᠡᠪᠯᠡᠯ ᠤᠨ ᠬᠢᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠣᠯᠣᠨ | ᠵᠠᠯᠭᠠᠮᠵᠢᠯᠠᠭᠴᠢ ᠶᠢ ᠬᠥᠮᠥᠵᠢᠭᠦᠯᠬᠦ ᠡᠨᠡ ᠬᠦ ᠦᠨᠳᠦᠰᠦᠨ ᠡᠭᠦᠷᠭᠡ ᠶᠢ ᠪᠠᠲᠤ ᠡᠵᠡᠮᠳᠡᠵᠦ᠂ ᠨᠠᠮ ᠤᠨ ᠲᠥᠯᠥᠭᠡ ᠬᠥᠮᠥᠨ ᠬᠥᠮᠥᠵᠢᠭᠦᠯᠬᠦ᠂ ᠤᠬᠠᠮᠰᠠᠷ ᠠᠴᠠ ᠪᠠᠨ | ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠬᠡᠬᠦ᠂ ᠥᠷᠭᠡᠨ ᠤᠯᠠᠨ ᠵᠠᠯᠠᠭᠤᠴᠤᠳ ᠲᠠᠢ ᠰᠡᠳᠬᠢᠯ ᠵᠢᠷᠦᠬᠡ ᠪᠠᠨ ᠬᠤᠯᠪᠣᠬᠤ᠂ ᠵᠣᠷᠢᠭᠲᠠᠢ ᠪᠠᠷ | ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠪᠠᠷᠢᠮᠲᠠᠯᠠᠵᠤ᠂ ᠥᠷᠭᠡᠨ ᠤᠯᠠᠨ ᠡᠪᠯᠡᠯ ᠤᠨ ᠭᠡᠰᠢᠭᠦᠨ ᠵᠠᠯᠠᠭᠤᠴᠤᠳ ᠢ ᠪᠦᠯᠬᠦᠮᠳᠡᠭᠦᠯᠦᠨ ᠳᠠᠭᠠᠭᠤᠯᠵᠤ | ᠬᠦᠰᠡᠯᠡᠩ ᠲᠠᠢ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠬᠦᠴᠢᠷ ᠠᠴᠠ ᠠᠶᠤᠬᠤ ᠦᠭᠡᠢ᠂ ᠵᠣᠷᠢᠭᠲᠠᠢ ᠪᠠᠷ ᠲᠡᠮᠡᠴᠡᠬᠦ ᠰᠢᠨ᠎ᠡ ᠴᠠᠭ ᠦᠶ᠎ᠡ ᠶᠢᠨ ᠰᠠᠶᠢᠨ | ᠵᠠᠯᠠᠭᠤᠴᠤᠳ ᠪᠣᠯᠣᠨ ᠦᠰᠦᠨ ᠪᠣᠶᠢᠵᠢᠵᠤ᠂ ᠵᠠᠯᠠᠭᠤ ᠨᠠᠰᠤᠨ ᠤ ᠬᠦᠴᠦᠨ ᠪᠣᠯᠣᠨ ᠡᠭᠦᠳᠦᠨ ᠪᠦᠲᠦᠭᠡᠬᠦ ᠬᠦᠴᠦᠨ ᠢᠶᠠᠷ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠬᠦᠴᠦᠲᠦ ᠤᠷᠤᠰᠬᠠᠯ ᠢ ᠬᠥᠭᠵᠢᠭᠡᠵᠦ᠂ ᠵᠠᠯᠠᠭᠤ ᠨᠠᠰᠤᠨ ᠤ ᠤᠶᠤᠨ ᠤᠬᠠᠭᠠᠨ ᠪᠣᠯᠣᠨ ᠬᠦᠴᠦ ᠬᠥᠯᠥᠰᠦ ᠪᠠᠷ ᠢᠶᠠᠨ ᠨᠡᠩ ᠦᠵᠡᠰᠬᠦᠯᠡᠩᠲᠦ ᠰᠠᠶᠢᠬᠠᠨ ᠳᠤᠮᠳᠠᠳᠤ | ᠤᠯᠤᠰ ᠢ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠺᠧ ᠴᠢᠶᠠᠩ᠂ ᠯᠢ ᠵᠠᠨ ᠱᠣ᠋᠂ ᠸᠠᠩ ᠶᠠᠩ᠂ ᠸᠠᠩ ᠬᠤ᠋ ᠨᠢᠩ᠂ | ᠵᠤᠤ ᠯᠧ ᠵᠢᠢ᠂ ᠬᠠᠨ ᠵᠧᠩ ᠶᠡᠭᠡ ᠬᠤᠷᠠᠯ ᠳᠤ ᠣᠷᠣᠯᠴᠠᠪᠠ᠃ | ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠠᠳᠤᠭᠠᠷ ᠳᠠᠪᠬᠤᠷᠭ᠎ᠠ ᠶᠢᠨ ᠳᠠᠶᠢᠯᠠᠯᠭ᠎ᠠ ᠶᠢᠨ ᠲᠢᠩᠬᠢᠮ ᠳᠤ ᠬᠥᠷ ᠬᠥᠭᠵᠢᠶᠡᠨ ᠢᠶᠠᠷ ᠪᠢᠯᠬᠠᠮ᠎ᠠ ᠪᠠᠶᠢᠯ᠎ᠠ᠃ | ᠲᠡᠷᠢᠭᠦᠯᠡᠭᠴᠢ ᠶᠢᠨ ᠲᠠᠶᠢᠰᠠᠨ ᠤ ᠳᠡᠭᠡᠷ᠎ᠡ ᠲᠠᠯ᠎ᠠ ᠳᠤ ︽ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ | ᠪᠡᠯᠭᠡᠯᠡᠬᠦ ᠶᠡᠭᠡ ᠬᠤᠷᠠᠯ︾ ᠭᠡᠬᠦ ᠬᠤᠷᠠᠯ ᠤᠨ ᠢᠯᠡᠷᠬᠡᠶᠢᠯᠡᠯ ᠢ ᠡᠯᠭᠦᠵᠦ᠂ ᠠᠷᠤ ᠬᠥᠰᠢᠭᠡ ᠶᠢᠨ ᠲᠥᠪ ᠳᠤᠮᠳᠠ ᠨᠢ ᠡᠪᠯᠡᠯ ᠤᠨ ᠰᠦᠯᠳᠡ ᠶᠢ ᠡᠯᠭᠦᠵᠦ᠂ ᠡᠪᠯᠡᠯ ᠤᠨ | ᠰᠦᠯᠳᠡ ᠶᠢᠨ ᠳᠣᠣᠷ᠎ᠠ ᠲᠠᠯ᠎ᠠ ᠳᠤ ︽1922 - 2022︾ ᠭᠡᠬᠦ ᠪᠢᠴᠢᠭᠡᠰᠦ ᠲᠠᠢ᠂ 10 ᠤᠯᠠᠭᠠᠨ ᠲᠤᠭ ᠢ ᠬᠤᠶᠠᠷ ᠭᠠᠷᠯᠠᠨ ᠵᠢᠭᠰᠠᠭᠠᠵᠠᠢ᠃ | ᠦᠳᠡ ᠶᠢᠨ ᠡᠮᠦᠨᠡᠬᠢ 10 ᠴᠠᠭ ᠲᠤ ᠶᠡᠭᠡ ᠬᠤᠷᠠᠯ ᠡᠬᠢᠯᠡᠪᠡ᠃ ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠳᠠᠭᠤᠯᠠᠪᠠ᠃ | ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ ᠡᠩ ᠲᠡᠷᠢᠭᠦᠨ ᠳᠤ ᠨᠠᠮ ᠤᠨ ᠲᠥᠪ ᠬᠤᠷᠢᠶᠠᠨ ᠤ | ᠡᠮᠦᠨ᠎ᠡ ᠠᠴᠠ ᠡᠪ ᠬᠠᠮᠲᠤ ᠵᠠᠯᠠᠭᠤᠴᠤᠳ ᠤᠨ ᠡᠪᠯᠡᠯ ᠤᠨ ᠪᠦᠬᠦ ᠭᠡᠰᠢᠭᠦᠨ ᠪᠣᠯᠣᠨ ᠡᠯ᠎ᠡ ᠱᠠᠲᠤᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠵᠣᠬᠢᠶᠠᠨ | ᠪᠠᠶᠢᠭᠤᠯᠤᠯᠲᠠ᠂ ᠡᠪᠯᠡᠯ ᠤᠨ ᠺᠠᠳ᠋ᠷ ᠲᠤ ᠬᠠᠯᠠᠭᠤᠨ ᠪᠠᠶᠠᠷ ᠬᠦᠷᠭᠡᠵᠦ᠂ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ | ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠮᠡᠨᠳᠦᠯᠡᠮᠡᠭᠴᠡ ᠵᠠᠯᠠᠭᠤᠴᠤᠳ ᠲᠤ ᠠᠩᠬᠠᠷᠤᠯ ᠢᠶᠠᠨ ᠬᠠᠨᠳᠤᠭᠤᠯᠵᠤ᠂ ᠬᠤᠪᠢᠰᠬᠠᠯ ᠤᠨ ᠬᠦᠰᠡᠯ | ᠡᠷᠡᠮᠡᠯᠵᠡᠯ ᠢᠶᠠᠨ ᠵᠠᠯᠠᠭᠤᠴᠤᠳ ᠲᠤ ᠲᠠᠯᠪᠢᠪᠠ᠃ ᠵᠠᠭᠤᠨ ᠵᠢᠯ ᠤᠨ ᠲᠤᠷᠰᠢ᠂ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠪ ᠬᠠᠮᠲᠤ ᠵᠠᠯᠠᠭᠤᠴᠤᠳ ᠤᠨ | ᠡᠪᠯᠡᠯ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠠᠯᠠᠭᠤᠴᠤᠳ ᠤᠨ ᠡᠮᠦᠨ᠎ᠡ ᠡᠩᠨᠡᠭᠡᠨ ᠳᠤ ᠬᠤᠰᠢᠭᠤᠷᠠᠵᠤ᠂ ᠦᠶ᠎ᠡ | ᠦᠶ᠎ᠡ ᠶᠢᠨ ᠵᠠᠯᠠᠭᠤᠴᠤᠳ ᠢ ᠵᠣᠬᠢᠶᠠᠨ ᠪᠠᠶᠢᠭᠤᠯᠤᠨ ᠬᠥᠲᠥᠯᠥᠨ ᠳᠠᠭᠠᠭᠤᠯᠵᠤ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠢᠶᠠᠨ ᠰᠠᠯᠤᠯ ᠦᠭᠡᠢ ᠲᠠᠭᠠᠵᠤ᠂ | ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠦᠭᠡᠯᠡᠯᠲᠡ ᠶᠢ ᠲᠡᠮᠡᠴᠡᠨ ᠣᠯᠬᠤ ᠪᠠ ᠤᠯᠤᠰ ᠣᠷᠣᠨ ᠤ ᠪᠠᠶᠠᠵᠢᠯ ᠬᠦᠴᠦᠷᠬᠡᠭᠵᠢᠯ᠂ ᠠᠷᠠᠳ | ᠲᠦᠮᠡᠨ ᠤ ᠵᠣᠯ ᠵᠢᠷᠭᠠᠯ ᠢ ᠪᠡᠶᠡᠯᠡᠭᠦᠯᠬᠦ ᠶᠢᠨ ᠲᠥᠯᠥᠭᠡ ᠬᠦᠴᠦᠨ ᠴᠢᠳᠠᠯ ᠢᠶᠠᠨ ᠡᠷᠭᠦᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠠᠬᠢᠴᠠ ᠳᠤᠮᠳᠠᠬᠢ ᠣᠮᠤᠭ ᠪᠠᠭ᠋ᠠᠳᠤᠮ᠎ᠠ ᠵᠠᠯᠠᠭᠤ ᠨᠠᠰᠤᠨ ᠤ ᠳᠠᠭᠤᠯᠠᠯ ᠢ ᠪᠢᠴᠢᠭᠯᠡᠭᠰᠡᠨ ᠪᠠᠶᠢᠨ᠎ᠠ᠃ ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ | ᠵᠠᠯᠠᠭᠤᠴᠤᠳ ᠤᠨ ᠡᠪᠯᠡᠯ ᠢᠮᠠᠭᠲᠠ ᠨᠠᠮ ᠲᠠᠢ ᠪᠠᠨ ᠰᠡᠳᠬᠢᠯ ᠨᠢᠭᠡᠳᠴᠦ᠂ ᠨᠠᠮ ᠢᠶᠠᠨ ᠲᠠᠭᠠᠨ ᠲᠡᠮᠡᠴᠡᠵᠦ᠂ ᠥᠷᠭᠡᠨ ᠤᠯᠠᠨ ᠡᠪᠯᠡᠯ ᠤᠨ ᠭᠡᠰᠢᠭᠦᠨ ᠵᠠᠯᠠᠭᠤᠴᠤᠳ ᠢ | ᠪᠦᠯᠬᠦᠮᠳᠡᠭᠦᠯᠦᠨ ᠳᠠᠭᠠᠭᠤᠯᠵᠤ ᠦᠨᠡᠨᠴᠢ ᠰᠢᠳᠤᠷᠭᠤ ᠪᠠᠶᠢᠬᠤ ᠪᠠᠨ ᠨᠠᠮ ᠪᠣᠯᠣᠨ ᠠᠷᠠᠳ ᠲᠦᠮᠡᠨ ᠤ ᠠᠵᠢᠯ ᠦᠢᠯᠡᠰ ᠳᠤᠮᠳᠠ ᠪᠢᠴᠢᠭᠯᠡᠵᠦ᠂ ᠵᠠᠯᠠᠭᠤ ᠨᠠᠰᠤ ᠪᠠᠨ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠶᠠᠨ ᠳᠤ ᠦᠷᠡᠯᠡᠭᠦᠯᠦᠨ ᠰᠠᠴᠤᠵᠤ᠂ ᠢᠷᠠᠭᠤ ᠠᠯᠳᠠᠷ ᠢᠶᠠᠨ ᠲᠡᠦᠬᠡ ᠶᠢᠨ ᠤᠷᠤᠭᠰᠢᠯᠠᠯᠲᠠ ᠶᠢᠨ ᠲᠡᠦᠬᠡᠨ | ᠬᠠᠭᠤᠳᠠᠰᠤᠨ᠎ᠠ ᠰᠡᠶᠢᠯᠪᠡ᠃ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠣᠯ ᠨᠡᠷ᠎ᠡ ᠨᠢᠳᠡᠷ ᠲᠡᠭᠡᠨ ᠲᠣᠬᠢᠷᠠᠭᠰᠠᠨ ᠳᠤᠮᠳᠠᠳᠤ ᠤᠯᠤᠰ ᠤᠨ | ᠵᠠᠯᠠᠭᠤᠴᠤᠳ ᠤᠨ ᠬᠥᠳᠡᠯᠭᠡᠭᠡᠨ ᠤ ᠬᠤᠰᠢᠭᠤᠴᠢ ᠠᠩᠭᠢ ᠮᠥᠨ᠂ ᠨᠠᠮ ᠤᠨ ᠰᠢᠳᠤᠷᠭᠤ ᠬᠠᠪᠰᠤᠷᠤᠭᠴᠢ ᠪᠠ ᠨᠠᠶᠢᠳᠠᠪᠤᠷᠢᠲᠠᠢ ᠪᠡᠯᠡᠳᠬᠡᠯ ᠴᠡᠷᠢᠭ ᠮᠥᠨ ᠭᠡᠳᠡᠭ ᠢ | ᠲᠡᠦᠬᠡ ᠪᠠ ᠦᠢᠯᠡᠳᠦᠯᠭᠡ ᠭᠦᠢᠴᠡᠳ ᠭᠡᠷᠡᠴᠢᠯᠡᠵᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠵᠠᠭᠤᠨ ᠵᠢᠯ ᠤᠨ ᠲᠤᠷᠰᠢ᠂ ᠡᠪ ᠬᠠᠮᠲᠤ ᠵᠠᠯᠠᠭᠤᠴᠤᠳ ᠤᠨ ᠡᠪᠯᠡᠯ ᠬᠦᠰᠡᠯᠡᠩ ᠢᠶᠠᠨ ᠪᠠᠲᠤᠳᠬᠠᠵᠤ᠂ ᠴᠥᠬᠦᠷᠡᠰᠢ ᠦᠭᠡᠢ ᠲᠡᠮᠡᠴᠡᠵᠦ᠂ ᠡᠷᠬᠢᠮ | ᠨᠠᠨᠳᠢᠨ ᠲᠤᠷᠰᠢᠯᠭ᠎ᠠ ᠶᠢ ᠪᠦᠷᠢᠯᠳᠦᠭᠦᠯᠵᠡᠢ᠃ ᠵᠠᠭᠤᠨ ᠵᠢᠯ ᠤᠨ ᠠᠶᠠᠨ ᠵᠠᠮ ᠳᠤ᠂ ᠡᠪ ᠬᠠᠮᠲᠤ ᠵᠠᠯᠠᠭᠤᠴᠤᠳ ᠤᠨ ᠡᠪᠯᠡᠯ ᠨᠠᠮ ᠤᠨ ᠤᠳᠤᠷᠢᠳᠤᠯᠭ᠎ᠠ ᠶᠢ | ᠪᠠᠷᠢᠮᠲᠠᠯᠠᠬᠤ ᠶᠢᠨ ᠣᠷᠣᠰᠢᠨ ᠲᠣᠭᠲᠠᠨᠢᠬᠤ ᠦᠨᠳᠦᠰᠦ ᠶᠢ ᠱᠤᠭᠤᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤ | ᠰᠠᠬᠢᠬᠤ ᠤᠯᠤᠰ ᠲᠦᠷᠦ ᠶᠢᠨ ᠰᠦᠭ ᠰᠦᠨᠡᠰᠦ ᠶᠢ ᠱᠤᠭᠤᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠲᠡᠨ ᠤ ᠰᠡᠷᠭᠦᠨ ᠮᠠᠨᠳᠤᠯᠲᠠ ᠳᠤ ᠣᠷᠤᠯᠴᠠᠬᠤ | ᠡᠷᠡᠮᠡᠬᠡᠶᠢᠯᠡᠨ ᠤᠷᠤᠭᠰᠢᠯᠠᠬᠤ ᠬᠦᠴᠦᠨ ᠢ ᠱᠤᠭᠤᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠥᠷᠭᠡᠨ ᠤᠯᠠᠨ ᠵᠠᠯᠠᠭᠤᠴᠤᠳ ᠤᠨ ᠳᠤᠮᠳᠠ ᠦᠨᠳᠦᠰᠦᠯᠡᠬᠦ | ᠠᠮᠢᠵᠢᠷᠠᠯ ᠤᠨ ᠬᠦᠴᠦᠨ ᠤ ᠡᠬᠢ ᠪᠤᠯᠠᠭ ᠢ ᠱᠤᠭᠤᠵᠠᠢ᠃ ᠡᠨᠡ ᠪᠣᠯ ᠡᠪ ᠬᠠᠮᠲᠤ ᠵᠠᠯᠠᠭᠤᠴᠤᠳ ᠤᠨ ᠡᠪᠯᠡᠯ ᠤᠨ ᠢᠷᠡᠭᠡᠳᠦᠢ ᠳᠤ ᠬᠠᠨᠳᠤᠵᠤ᠂ ᠲᠠᠬᠢᠨ ᠰᠢᠨ᠎ᠡ ᠭᠠᠪᠢᠶ᠎ᠠ | ᠪᠠᠶᠢᠭᠤᠯᠬᠤ ᠶᠢᠨ ᠴᠢᠬᠤᠯᠠ ᠵᠢᠷᠤᠮᠯᠠᠯ ᠮᠥᠨ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨ᠎ᠡ ᠠᠶᠠᠨ ᠵᠠᠮ ᠳᠤ᠂ ᠵᠠᠯᠠᠭᠤᠴᠤᠳ ᠢ ᠬᠡᠷᠬᠢᠨ ᠨᠡᠩ ᠰᠠᠶᠢᠲᠤᠷ ᠪᠦᠯᠬᠦᠮᠳᠡᠭᠦᠯᠵᠦ᠂ ᠵᠣᠬᠢᠶᠠᠨ ᠪᠠᠶᠢᠭᠤᠯᠵᠤ᠂ ᠲᠠᠶᠢᠴᠢᠯᠠᠵᠥ᠂ ᠬᠤᠶᠠᠳᠤᠭᠠᠷ | ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠬᠦ ᠶᠢᠨ ᠲᠥᠯᠥᠭᠡ ᠲᠡᠮᠡᠴᠡᠬᠦ ᠪᠣᠯ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠤᠨ ᠬᠥᠳᠡᠯᠭᠡᠭᠡᠨ ᠪᠣᠯᠣᠨ ᠵᠠᠯᠠᠭᠤᠴᠤᠳ ᠤᠨ | ᠠᠵᠢᠯ ᠳᠤ ᠡᠷᠬᠡᠪᠰᠢ ᠬᠠᠷᠢᠭᠤᠯᠬᠤ ᠴᠢᠬᠤᠯᠠ ᠶᠡᠭᠡ ᠰᠡᠳᠦᠪ ᠪᠣᠯᠣᠨ᠎ᠠ ᠭᠡᠵᠦ ᠵᠢᠭᠠᠵᠤ ᠭᠠᠷᠭᠠᠪᠠ᠃ ᠰᠢ ᠶᠢᠨ ᠫᠢᠩ ᠡᠪ ᠬᠠᠮᠲᠤ ᠵᠠᠯᠠᠭᠤᠴᠤᠳ ᠤᠨ ᠡᠪᠯᠡᠯ ᠳᠤ 4 | ᠬᠦᠰᠡᠯ ᠳᠤᠷᠠᠳᠴᠠᠢ᠄ ᠨᠢᠭᠡᠳᠦᠭᠡᠷ ᠲᠤ᠂ ᠨᠠᠮ ᠤᠨ ᠲᠥᠯᠥᠭᠡ ᠬᠥᠮᠥᠨ ᠬᠥᠮᠥᠵᠢᠭᠦᠯᠬᠦ ᠶᠢ ᠪᠠᠷᠢᠮᠲᠠᠯᠠᠵᠤ᠂ ᠢᠮᠠᠭᠲᠠ ᠳᠤᠮᠳᠠᠳᠤ ᠤᠯᠤᠰ ᠤᠨ ᠵᠠᠯᠠᠭᠤᠴᠤᠳ ᠤᠨ ᠦᠵᠡᠯ | ᠰᠠᠨᠠᠭᠠᠨ ᠤ ᠲᠠᠪᠰᠢᠯᠳᠠ ᠶᠢ ᠬᠥᠲᠥᠯᠥᠨ ᠳᠠᠭᠠᠭᠤᠯᠬᠤ ᠤᠯᠤᠰ ᠲᠦᠷᠦ ᠶᠢᠨ ᠰᠤᠷᠭᠠᠭᠤᠯᠢ ᠪᠣᠯᠬᠤ ᠬᠡᠷᠡᠭᠲᠡᠢ᠃ ᠤᠯᠤᠰ ᠲᠦᠷᠦ ᠶᠢᠨ ᠲᠠᠯ᠎ᠠ ᠠᠴᠠ ᠪᠣᠳᠣᠯᠬᠢᠯᠠᠵᠤ᠂ | ᠦᠵᠡᠯ ᠰᠠᠨᠠᠭᠠᠨ ᠤ ᠲᠠᠯ᠎ᠠ ᠠᠴᠠ ᠭᠠᠷᠳᠠᠨ᠂ ᠵᠠᠯᠠᠭᠤᠴᠤᠳ ᠤᠨ ᠣᠨᠴᠠᠯᠢᠭ ᠠᠴᠠ ᠡᠭᠦᠰᠴᠦ᠂ ᠲᠡᠳᠡᠨ ᠢ ᠬᠠᠪᠰᠤᠷᠤᠨ ᠡᠷᠲᠡ ᠬᠦᠰᠡᠯᠡᠩ ᠬᠥᠭᠡᠭᠡᠴᠡᠯᠳᠦᠯ ᠲᠠᠢ | ᠪᠤᠯᠭᠠᠵᠤ᠂ ᠠᠯᠤᠰ ᠬᠤᠯᠠ ᠶᠢᠨ ᠲᠡᠮᠡᠦᠯᠦᠯ ᠲᠠᠢ ᠪᠤᠯᠭᠠᠵᠤ᠂ ᠨᠠᠮ ᠤᠨ ᠲᠤᠬᠠᠢ ᠢᠲᠡᠭᠡᠯ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ | ᠢᠲᠡᠭᠡᠯ᠂ ᠮᠠᠷᠺᠰ ᠤᠨ ᠦᠵᠡᠯ ᠤᠨ ᠲᠤᠬᠠᠢ ᠢᠲᠡᠭᠡᠯ ᠪᠢᠰᠢᠷᠡᠯ ᠢ ᠨᠢ ᠰᠡᠳᠬᠢᠯ ᠤᠨ ᠭᠦᠨ ᠠᠴᠠ ᠨᠢ ᠵᠤᠵᠠᠭᠠᠳᠬᠠᠬᠤ ᠬᠡᠷᠡᠭᠲᠡᠢ᠃ ᠨᠠᠮ ᠤᠨ ᠦᠢᠯᠡᠰ ᠤᠨ | ᠵᠠᠯᠭᠠᠮᠵᠢᠯᠠᠭᠴᠢ ᠲᠠᠢ ᠪᠠᠶᠢᠬᠤ ᠡᠨᠡ ᠬᠦ ᠦᠨᠳᠦᠰᠦᠨ ᠶᠡᠭᠡ ᠪᠣᠳᠣᠯᠭ᠎ᠠ ᠳᠤ ᠰᠠᠭᠤᠷᠢᠯᠠᠵᠤ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠣᠯᠣᠨ | ᠵᠠᠯᠭᠠᠮᠵᠢᠯᠠᠭᠴᠢ ᠶᠢ ᠬᠥᠮᠥᠵᠢᠭᠦᠯᠬᠦ ᠡᠨᠡ ᠬᠦ ᠦᠨᠳᠦᠰᠦᠨ ᠡᠭᠦᠷᠭᠡ ᠶᠢ ᠪᠠᠲᠤ ᠡᠵᠡᠮᠳᠡᠵᠦ᠂ ᠥᠷᠭᠡᠨ ᠤᠯᠠᠨ ᠵᠠᠯᠠᠭᠤᠴᠤᠳ ᠢ ᠬᠥᠲᠥᠯᠥᠨ ᠳᠠᠭᠠᠭᠤᠯᠵᠤ ᠪᠠᠶᠢᠭᠠᠳ | ᠦᠵᠡᠯ ᠰᠠᠨᠠᠭᠠᠨ ᠤ ᠲᠠᠯ᠎ᠠ ᠪᠠᠷ ᠠᠷᠢᠭᠤᠳᠬᠠᠯ ᠬᠦᠷᠲᠡᠭᠡᠵᠦ᠂ ᠦᠢᠯᠡᠳᠦᠯᠭᠡ ᠶᠢᠨ ᠳᠠᠪᠲᠠᠯᠲᠠ ᠳᠤᠮᠳᠠ ᠳᠤᠮᠳᠠᠳᠤ ᠤᠯᠤᠰ ᠤᠨ ᠬᠥᠮᠥᠨ ᠪᠣᠯᠬᠤ ᠡᠷᠴᠢ ᠵᠣᠷᠢᠭ᠂ | ᠰᠥᠰᠥ ᠵᠣᠷᠢᠭ᠂ ᠢᠲᠡᠭᠡᠯ ᠵᠣᠷᠢᠭ ᠢ ᠨᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠬᠤᠶᠠᠳᠤᠭᠠᠷ ᠲᠤ᠂ ᠤᠬᠠᠮᠰᠠᠷ ᠠᠴᠠ ᠪᠠᠨ ᠬᠠᠷᠢᠭᠤᠴᠠᠯᠭ᠎ᠠ ᠡᠭᠦᠷᠭᠡᠯᠡᠨ | ᠬᠠᠷᠢᠭᠤᠴᠠᠯᠭ᠎ᠠ ᠪᠠᠨ ᠭᠦᠢᠴᠡᠳᠬᠡᠵᠦ᠂ ᠢᠮᠠᠭᠲᠠ ᠳᠤᠮᠳᠠᠳᠤ ᠤᠯᠤᠰ ᠤᠨ ᠵᠠᠯᠠᠭᠤᠴᠤᠳ ᠢ ᠵᠣᠬᠢᠶᠠᠨ ᠪᠠᠶᠢᠭᠤᠯᠵᠤ ᠡᠭᠦᠷᠢᠳᠡ ᠲᠡᠮᠡᠴᠡᠭᠦᠯᠬᠦ ᠬᠤᠰᠢᠭᠤᠴᠢ ᠬᠦᠴᠦᠨ | ᠪᠣᠯᠬᠤ ᠬᠡᠷᠡᠭᠲᠡᠢ᠃ ᠥᠷᠭᠡᠨ ᠤᠯᠠᠨ ᠡᠪᠯᠡᠯ ᠤᠨ ᠭᠡᠰᠢᠭᠦᠨ ᠵᠠᠯᠠᠭᠤᠴᠤᠳ ᠢ ᠪᠦᠯᠬᠦᠮᠳᠡᠭᠦᠯᠦᠨ ᠳᠠᠭᠠᠭᠤᠯᠵᠤ ᠤᠬᠠᠮᠰᠠᠷ ᠠᠴᠠ ᠪᠠᠨ ᠨᠠᠮ ᠪᠣᠯᠣᠨ ᠠᠷᠠᠳ ᠲᠦᠮᠡᠨ ᠤ | ᠤᠷᠢᠶᠠᠯᠠᠭ᠎ᠠ ᠶᠢ ᠲᠠᠭᠠᠵᠦ᠂ ᠬᠡᠬᠦᠳᠡᠭ ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾ ᠢ ᠪᠠᠭᠲᠠᠭᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠰᠢᠨ᠎ᠡ ᠴᠠᠭ | ᠦᠶ᠎ᠡ ᠰᠢᠨ᠎ᠡ ᠣᠷᠴᠢᠨ ᠨᠥᠬᠦᠴᠡᠯ ᠳᠤ ᠬᠦᠷᠴᠦ ᠬᠦᠰᠡᠯ ᠵᠣᠷᠢᠭ ᠢᠶᠠᠨ ᠢᠯᠡᠷᠡᠭᠦᠯᠵᠦ᠂ ᠭᠠᠪᠢᠶ᠎ᠠ ᠪᠠᠶᠢᠭᠤᠯᠤᠨ ᠦᠢᠯᠡᠰ ᠪᠣᠰᠬᠠᠵᠤ᠂ ᠠᠭᠤᠤ ᠶᠡᠭᠡ ᠬᠦᠰᠡᠯᠡᠩ ᠢᠶᠠᠨ | ᠪᠡᠶᠡᠯᠡᠭᠦᠯᠬᠦ ᠬᠥᠭᠡᠭᠡᠴᠡᠯᠳᠦᠭᠴᠢ ᠪᠣᠯᠬᠤ ᠪᠠᠷ ᠴᠢᠷᠮᠠᠶᠢᠵᠤ᠂ ᠠᠭᠤᠤ ᠶᠡᠭᠡ ᠦᠢᠯᠡᠰ ᠤᠨ ᠰᠢᠨ᠎ᠡ ᠬᠦᠴᠦᠨ ᠪᠣᠯᠬᠤ ᠪᠠᠷ ᠴᠢᠷᠮᠠᠶᠢᠬᠤ ᠬᠡᠷᠡᠭᠲᠡᠢ᠃ ᠭᠤᠷᠪᠠᠳᠤᠭᠠᠷ ᠲᠤ᠂ | ᠥᠷᠭᠡᠨ ᠤᠯᠠᠨ ᠵᠠᠯᠠᠭᠤᠴᠤᠳ ᠲᠠᠢ ᠰᠡᠳᠬᠢᠯ ᠵᠢᠷᠦᠬᠡ ᠪᠠᠨ ᠬᠤᠯᠪᠣᠵᠤ᠂ ᠢᠮᠠᠭᠲᠠ ᠨᠠᠮ ᠤᠨ ᠵᠠᠯᠠᠭᠤᠴᠤᠳ ᠲᠠᠢ ᠬᠠᠷᠢᠯᠴᠠᠬᠤ ᠬᠠᠮᠤᠭ ᠤᠨ ᠪᠠᠲᠤ ᠪᠠᠬᠢ ᠬᠥᠭᠦᠷᠭᠡ | ᠬᠤᠯᠪᠣᠭᠠᠰᠤ ᠪᠣᠯᠬᠤ ᠬᠡᠷᠡᠭᠲᠡᠢ᠃ ᠵᠠᠯᠠᠭᠤᠴᠤᠳ ᠲᠤ ᠦᠢᠯᠡᠴᠢᠯᠡᠬᠦ ᠠᠵᠢᠯ ᠤᠨ ᠠᠮᠢᠨ ᠰᠤᠳᠠᠰᠤ ᠲᠠᠢ ᠨᠢᠭᠲᠠ ᠤᠶᠠᠯᠳᠤᠭᠤᠯᠤᠨ᠂ ᠨᠠᠮ ᠤᠨ ᠲᠦᠷᠦ ᠪᠠᠷᠢᠬᠤ | ᠵᠠᠯᠠᠭᠤᠴᠤᠳ ᠤᠨ ᠰᠠᠭᠤᠷᠢ ᠶᠢ ᠪᠠᠬᠢᠵᠢᠭᠦᠯᠦᠨ ᠥᠷᠭᠡᠳᠬᠡᠬᠦ ᠡᠨᠡ ᠬᠦ ᠤᠯᠤᠰ ᠲᠦᠷᠦ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠭ᠎ᠠ ᠪᠦᠬᠦᠨ ᠢ ᠰᠦᠪᠡᠭᠴᠢᠯᠡᠵᠦ | ᠪᠠᠶᠢᠭᠠᠳ ᠵᠠᠯᠠᠭᠤᠴᠤᠳ ᠲᠤ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠨ ᠥᠭᠴᠦ᠂ ᠰᠠᠨᠠᠭᠠᠴᠢᠯᠠᠭ᠎ᠠ ᠠᠴᠠ ᠪᠠᠨ ᠵᠠᠯᠠᠭᠤᠴᠤᠳ ᠤᠨ | ᠪᠤᠳᠤᠵᠦ ᠪᠠᠶᠢᠭ᠎ᠠ ᠵᠦᠢᠯ ᠢ ᠪᠤᠳᠤᠵᠦ᠂ ᠵᠠᠯᠠᠭᠤᠴᠤᠳ ᠤᠨ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠠᠵᠤ᠂ ᠵᠠᠯᠠᠭᠤᠴᠤᠳ ᠲᠤ ᠦᠨᠡᠨ ᠪᠣᠳᠠᠲᠠᠢ ᠬᠠᠪᠰᠤᠷᠤᠯᠭ᠎ᠠ | ᠬᠠᠩᠭᠠᠬᠤ ᠬᠡᠷᠡᠭᠲᠡᠢ᠃ ᠳᠥᠷᠪᠡᠳᠦᠭᠡᠷ ᠲᠤ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂ ᠢᠮᠠᠭᠲᠠ ᠨᠠᠮ ᠢ ᠳᠠᠭᠠᠵᠤ ᠴᠠᠭ ᠦᠶ᠎ᠡ ᠶᠢᠨ ᠡᠮᠦᠨ᠎ᠡ | ᠡᠩᠨᠡᠭᠡᠨ ᠳᠤ ᠶᠠᠪᠤᠬᠤ ᠲᠡᠷᠢᠭᠦᠨ ᠤ ᠵᠣᠬᠢᠶᠠᠨ ᠪᠠᠶᠢᠭᠤᠯᠤᠯᠲᠠ ᠪᠣᠯᠬᠤ ᠬᠡᠷᠡᠭᠲᠡᠢ᠃ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠠᠵᠢᠯ ᠤᠨ ᠪᠥᠬᠦ ᠶᠠᠪᠤᠴᠠ ᠡᠯ᠎ᠡ | ᠬᠦᠷᠢᠶᠡᠨ ᠳᠤ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠯᠠᠨ ᠲᠦᠮᠡᠨ ᠤ ᠪᠦᠯᠬᠦᠮ ᠤᠨ ᠬᠥᠭᠵᠢᠯᠲᠡ ᠶᠢᠨ ᠵᠠᠮ ᠢᠶᠠᠷ | ᠰᠠᠶᠢᠲᠤᠷ ᠵᠠᠮᠨᠠᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠥᠭᠡᠷᠡᠴᠢᠯᠡᠯᠲᠡ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠵᠠᠯᠠᠭᠤᠴᠤᠳ ᠤᠨ | ᠪᠠᠶᠢᠳᠠᠯ ᠢ ᠰᠡᠷᠭᠡᠭ ᠢᠶᠠᠷ ᠡᠵᠡᠮᠰᠢᠵᠦ᠂ ᠵᠠᠯᠠᠭᠤᠴᠤᠳ ᠤᠨ ᠠᠵᠢᠯ ᠠᠮᠢᠳᠤᠷᠠᠯ ᠤᠨ ᠠᠷᠭ᠎ᠠ ᠬᠡᠯᠪᠡᠷᠢ ᠶᠢᠨ ᠰᠢᠨ᠎ᠡ ᠬᠤᠪᠢᠷᠠᠯᠲᠠ ᠰᠢᠨ᠎ᠡ ᠣᠨᠴᠠᠯᠢᠭ ᠢ ᠦᠨᠳᠦᠰᠦᠯᠡᠨ᠂ | ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠰᠢᠨ᠎ᠡ ᠰᠡᠳᠬᠢᠴᠡ ᠰᠢᠨ᠎ᠡ ᠵᠠᠭᠪᠤᠷ ᠢ ᠰᠦᠪᠡᠭᠴᠢᠯᠡᠵᠦ᠂ ᠵᠠᠯᠠᠭᠤᠴᠤᠳ ᠤᠨ | ᠬᠤᠯᠪᠣᠭ᠎ᠠ᠂ ᠰᠤᠷᠤᠭᠴᠢᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢ ᠳᠠᠶᠢᠴᠢᠯᠠᠨ ᠤᠯᠤᠰ ᠢᠶᠠᠨ ᠬᠠᠶᠢᠷᠠᠯᠠᠬᠤ ᠦᠵᠡᠯ᠂ ᠨᠡᠶᠢᠭᠡᠮ ᠵᠢᠷᠤᠮ ᠤᠨ ᠲᠤᠭ ᠢ | ᠥᠨᠳᠥᠷ ᠮᠠᠨᠳᠤᠭᠤᠯᠵᠤ᠂ ᠵᠠᠯᠠᠭᠤᠴᠤᠳ ᠤᠨ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠢ ᠳᠠᠰᠤᠷᠠᠯᠳᠠ ᠦᠭᠡᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠷᠰᠢᠯᠭ᠎ᠠ ᠠᠷᠭ᠎ᠠ ᠬᠢᠳᠡᠯ ᠲᠠᠢ ᠤᠬᠠᠮᠰᠠᠷ ᠠᠴᠠ ᠪᠠᠨ ᠪᠠᠷᠢᠮᠵᠢᠶᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ | ᠰᠠᠨᠠᠭ᠎ᠠ ᠪᠣᠯᠣᠨ ᠴᠢᠩᠭ᠎ᠠ ᠪᠣᠳᠠᠲᠠᠢ ᠪᠠᠶᠢᠬᠤ ᠰᠤᠷᠲᠠᠯ ᠢᠶᠠᠷ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠪᠦᠯᠬᠦᠮ ᠢᠶᠠᠨ ᠴᠢᠩᠭ᠎ᠠ ᠬᠠᠮᠢᠶᠠᠷᠤᠨ ᠵᠠᠰᠠᠵᠤ᠂ | ᠪᠦᠬᠦ ᠲᠠᠯ᠎ᠠ ᠶᠢᠨ᠂ ᠥᠨᠳᠥᠷ ᠪᠠᠷᠢᠮᠵᠢᠶ᠎ᠠ ᠪᠠᠷ ᠳᠠᠪᠲᠠᠨ ᠪᠣᠯᠪᠠᠰᠤᠷᠠᠭᠤᠯᠬᠤ ᠳᠤᠮᠳᠠ ᠡᠪ ᠬᠠᠮᠲᠤ ᠵᠠᠯᠠᠭᠤᠴᠤᠳ ᠤᠨ ᠡᠪᠯᠡᠯ ᠤᠨ ᠴᠤᠭ ᠪᠠᠳᠠᠷᠠᠩᠭᠤᠢ ᠥᠭᠡᠳᠡᠯᠡᠨ | ᠳᠠᠪᠰᠢᠬᠤ ᠴᠠᠭ ᠦᠶ᠎ᠡ ᠶᠢᠨ ᠳᠦᠷᠰᠦ ᠪᠠᠶᠢᠳᠠᠯ ᠢ ᠢᠯᠡᠷᠡᠭᠦᠯᠬᠦ ᠬᠡᠷᠡᠭᠲᠡᠢ ᠭᠡᠪᠡ᠃ | ᠰᠢ ᠶᠢᠨ ᠫᠢᠩ᠂ ᠲᠠᠪᠰᠢᠯᠳᠠ ᠶᠢ ᠬᠥᠭᠡᠭᠡᠴᠡᠯᠳᠦᠬᠦ ᠪᠣᠯ ᠵᠠᠯᠠᠭᠤᠴᠤᠳ ᠤᠨ ᠬᠠᠮᠤᠭ ᠤᠨ ᠡᠷᠬᠢᠮ ᠨᠠᠨᠳᠢᠨ ᠣᠨᠴᠠᠯᠢᠭ ᠮᠥᠨ᠂ ᠪᠠᠰᠠ ᠴᠤ ᠨᠠᠮ ᠪᠠ ᠠᠷᠠᠳ | ᠲᠦᠮᠡᠨ ᠤ ᠬᠠᠮᠤᠭ ᠤᠨ ᠨᠠᠨᠳᠢᠨ ᠬᠦᠰᠡᠯ ᠡᠷᠡᠮᠡᠯᠵᠡᠯ ᠮᠥᠨ᠃ ᠰᠢᠨ᠎ᠡ ᠴᠠᠭ ᠦᠶ᠎ᠡ ᠶᠢᠨ ᠥᠷᠭᠡᠨ ᠣᠯᠠᠨ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ | ᠠᠯᠤᠰ ᠬᠡᠲᠦ ᠶᠢᠨ ᠬᠦᠰᠡᠯᠡᠩ ᠲᠠᠢ᠂ ᠢᠲᠡᠭᠡᠯ ᠪᠢᠰᠢᠷᠡᠯ ᠪᠠᠲᠤ ᠴᠢᠩᠭ᠎ᠠ ᠵᠢᠱᠢᠶᠡᠴᠢ ᠪᠣᠯᠵᠤ᠂ ᠮᠠᠷᠺᠰ ᠤᠨ ᠦᠵᠡᠯ ᠤᠨ ᠣᠨᠣᠯ ᠢ ᠲᠦᠷᠦᠭᠦᠯᠡᠨ ᠰᠤᠷᠤᠯᠴᠠᠵᠤ᠂ ᠡᠪ | ᠬᠠᠮᠲᠤ ᠶᠣᠰᠣᠨ ᠤ ᠠᠯᠤᠰ ᠬᠡᠲᠦ ᠶᠢᠨ ᠬᠦᠰᠡᠯᠡᠩ ᠪᠣᠯᠣᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠢ ᠪᠣᠶ ᠪᠣᠯᠭᠠᠵᠤ᠂ | ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ | ᠰᠠᠨᠠᠭ᠎ᠠ ᠶᠢ ᠶᠡᠭᠡ ᠪᠠᠷ ᠪᠠᠳᠠᠷᠠᠭᠤᠯᠬᠤ ᠬᠡᠷᠡᠭᠲᠡᠢ︔ ᠰᠢᠷᠭᠠᠭᠤ ᠬᠠᠲᠠᠭᠤᠵᠢᠯᠲᠠᠢ ᠰᠤᠷᠤᠯᠴᠠᠵᠦ᠂ ᠵᠣᠷᠢᠭᠲᠠᠢ ᠪᠠᠷ ᠰᠢᠨ᠎ᠡ ᠶᠢ ᠡᠭᠦᠳᠬᠦ ᠵᠢᠱᠢᠶᠡᠴᠢ ᠪᠣᠯᠵᠤ᠂ ᠲᠦᠷᠦᠭᠦᠯᠡᠨ | ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠡᠷᠳᠡᠮ ᠴᠢᠳᠠᠪᠤᠷᠢ ᠪᠠᠨ ᠬᠠᠲᠠᠭᠤᠵᠢᠯᠲᠠᠢ ᠪᠣᠯᠪᠠᠰᠤᠷᠠᠵᠤ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ | ᠴᠢᠷᠮᠠᠶᠢᠵᠤ᠂ ᠠᠵᠢᠯ ᠲᠦᠷᠦᠯ ᠤᠨ ᠭᠤᠣᠯᠯᠠᠭᠴᠢ᠂ ᠵᠠᠯᠠᠭᠤᠴᠤᠳ ᠤᠨ ᠬᠤᠰᠢᠭᠤᠴᠢ ᠪᠣᠯᠬᠤ ᠪᠠᠷ ᠴᠢᠷᠮᠠᠶᠢᠬᠤ ᠬᠡᠷᠡᠭᠲᠡᠢ︔ ᠵᠣᠷᠢᠭᠲᠠᠢ ᠲᠡᠮᠡᠴᠡᠬᠦ᠂ ᠴᠢᠳᠠᠮᠠᠭᠠᠢ ᠲᠡᠮᠡᠴᠡᠬᠦ | ᠵᠢᠱᠢᠶᠡᠴᠢ ᠪᠣᠯᠵᠤ᠂ ᠲᠦᠷᠦᠭᠦᠯᠡᠨ ᠬᠦᠴᠢᠷ ᠢ ᠰᠥᠷᠦᠨ ᠤᠷᠤᠭᠰᠢᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠭᠠᠵᠢᠭᠤ ᠶᠢ ᠢᠲᠡᠭᠡᠬᠦ ᠦᠭᠡᠢ᠂ ᠴᠢᠳᠬᠦᠷ | ᠰᠢᠮᠨᠤᠰ ᠠᠴᠠ ᠠᠶᠤᠬᠤ ᠦᠭᠡᠢ᠂ ᠶᠠᠰᠤ ᠬᠠᠲᠠᠭᠤ ᠪᠠᠶᠢᠬᠤ ᠬᠡᠷᠡᠭᠲᠡᠢ︔ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ᠂ ᠭᠤᠶᠠᠴᠢ ᠦᠭᠡᠢ ᠵᠢᠳᠬᠦᠬᠦ ᠵᠢᠱᠢᠶᠡᠴᠢ ᠪᠣᠯᠵᠤ᠂ | ᠲᠦᠷᠦᠭᠦᠯᠡᠨ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠯᠠᠪᠳᠠᠭᠤᠨ ᠪᠠᠲᠤᠲᠠᠢ ᠠᠵᠢᠯᠯᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ | ᠵᠣᠪᠠᠭᠤᠷᠢ ᠵᠦᠳᠡᠭᠦᠷᠢ ᠶᠢ ᠤᠷᠢᠳ ᠢᠶᠠᠷ ᠠᠮᠰᠠᠵᠤ᠂ ᠵᠣᠯ ᠵᠢᠷᠭᠠᠯ ᠢ ᠬᠤᠶᠢᠨ᠎ᠠ ᠨᠢ ᠡᠳ᠋ᠯᠡᠵᠦ᠂ ᠬᠡᠵᠢᠶᠡᠳᠡ ᠵᠢᠪᠡᠷᠡᠬᠦ ᠦᠭᠡᠢ ᠡᠷᠭᠢ ᠱᠤᠷᠠᠭ ᠪᠣᠯᠬᠤ ᠬᠡᠷᠡᠭᠲᠡᠢ︔ ᠶᠣᠰᠣ | ᠮᠣᠷᠠᠯ ᠢ ᠡᠷᠬᠢᠮᠯᠡᠨ ᠰᠠᠶᠢᠨ ᠶᠠᠪᠤᠳᠠᠯ ᠢ ᠡᠷᠬᠢᠮᠯᠡᠬᠦ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠵᠢᠱᠢᠶᠡᠴᠢ ᠪᠣᠯᠵᠤ᠂ ᠲᠦᠷᠦᠭᠦᠯᠡᠨ ᠶᠡᠭᠡ ᠶᠣᠰᠣ ᠶᠢ ᠮᠡᠳᠡᠵᠤ᠂ ᠨᠡᠶᠢᠲᠡ ᠶᠢᠨ | ᠶᠣᠰᠣ ᠮᠣᠷᠠᠯ ᠢ ᠰᠠᠬᠢᠵᠤ᠂ ᠬᠤᠪᠢ ᠶᠢᠨ ᠶᠣᠰᠣ ᠮᠣᠷᠠᠯ ᠢ ᠴᠢᠩᠳᠠᠯᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠴᠢᠩᠭ᠎ᠠ ᠵᠢᠷᠤᠮᠯᠠᠵᠤ᠂ ᠡᠪᠯᠡᠯ ᠤᠨ ᠭᠡᠰᠢᠭᠦᠨ ᠤ | ᠡᠭᠦᠷᠭᠡ ᠪᠠᠨ ᠴᠢᠩᠭ᠎ᠠ ᠭᠦᠢᠴᠡᠳᠬᠡᠬᠦ ᠬᠡᠷᠡᠭᠲᠡᠢ᠃ ᠥᠷᠭᠡᠨ ᠤᠯᠠᠨ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ ᠤᠯᠤᠰ ᠲᠦᠷᠦ ᠶᠢᠨ ᠪᠣᠯᠪᠠᠰᠤᠷᠠᠯ ᠢ ᠨᠠᠷᠢᠨ | ᠬᠢᠨᠠᠮᠠᠭᠠᠢ ᠬᠦᠯᠢᠶᠡᠵᠦ᠂ ᠤᠯᠤᠰ ᠲᠦᠷᠦ ᠶᠢᠨ ᠳᠠᠪᠲᠠᠯᠲᠠ ᠶᠢ ᠴᠢᠩᠭᠠᠳᠬᠠᠵᠤ᠂ ᠤᠯᠤᠰ ᠲᠦᠷᠦ ᠶᠢᠨ ᠲᠠᠪᠰᠢᠯᠳᠠ ᠶᠢ ᠬᠥᠭᠡᠭᠡᠴᠡᠯᠳᠦᠵᠦ᠂ ᠨᠠᠮ ᠤᠨ ᠵᠣᠬᠢᠶᠠᠨ | ᠪᠠᠶᠢᠭᠤᠯᠤᠯᠲᠠ ᠲᠠᠢ ᠢᠳᠡᠪᠬᠢᠲᠡᠢ ᠣᠶᠢᠷᠠᠲᠤᠵᠤ᠂ ᠬᠢᠷᠢ ᠲᠡᠩᠴᠡᠭᠰᠡᠨ ᠡᠪ ᠬᠠᠮᠲᠤ ᠨᠠᠮ ᠤᠨ ᠭᠡᠰᠢᠭᠦᠨ ᠪᠣᠯᠬᠤ ᠪᠠᠷ ᠬᠠᠷᠠᠯᠲᠠ᠂ ᠢᠷᠠᠭᠤ ᠠᠯᠳᠠᠷ ᠢᠶᠠᠨ ᠪᠣᠯᠭᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠪᠯᠡᠯ ᠤᠨ ᠺᠠᠳ᠋ᠷᠴᠤᠳ ᠨᠠᠮ ᠳᠠᠭᠠᠨ ᠦᠨᠡᠨᠴᠢ ᠰᠢᠳᠤᠷᠭᠤ ᠪᠠᠶᠢᠬᠤ ᠤᠯᠤᠰ ᠲᠦᠷᠦ ᠶᠢᠨ ᠵᠠᠩ ᠴᠢᠨᠠᠷ ᠢ ᠪᠠᠲᠤ ᠪᠠᠬᠢ ᠪᠤᠢ ᠪᠣᠯᠭᠠᠵᠤ᠂ | ᠬᠦᠰᠡᠯᠡᠩᠴᠢ ᠦᠵᠡᠯ ᠤᠨ ᠤᠶᠤᠨ ᠰᠠᠨᠠᠭᠠᠨ ᠤ ᠴᠤᠭ ᠰᠦᠯᠳᠡ ᠶᠢ ᠥᠨᠳᠥᠷ ᠮᠠᠨᠳᠤᠭᠤᠯᠬᠤ ᠬᠡᠷᠡᠭᠲᠡᠢ᠃ ᠤᠯᠠᠨ ᠲᠦᠮᠡᠨᠴᠢ ᠱᠤᠭᠤᠮ ᠢ ᠤᠬᠠᠮᠰᠠᠷ ᠠᠴᠠ ᠪᠠᠨ | ᠦᠢᠯᠡᠳᠦᠯᠭᠡᠵᠢᠭᠦᠯᠵᠦ᠂ ᠤᠯᠠᠨ ᠲᠦᠮᠡᠨᠴᠢ ᠦᠵᠡᠯᠲᠡ ᠶᠢ ᠪᠠᠲᠤ ᠪᠤᠢ ᠪᠣᠯᠭᠠᠵᠤ᠂ ᠥᠷᠭᠡᠨ ᠤᠯᠠᠨ ᠵᠠᠯᠠᠭᠤᠴᠤᠳ ᠲᠠᠢ ᠨᠢᠭᠲᠠᠷᠠᠨ ᠪᠦᠯᠬᠦᠮᠳᠡᠵᠦ᠂ ᠵᠠᠯᠠᠭᠤᠴᠤᠳ ᠤᠨ | ᠨᠠᠶᠢᠵᠠ ᠪᠣᠯᠵᠤ᠂ ᠵᠠᠯᠠᠭᠤᠴᠤᠳ ᠤᠨ ︽ᠨᠣᠶᠠᠨ︾ ᠪᠣᠯᠬᠤ ᠦᠭᠡᠢ ᠪᠠᠶᠢᠵᠤ᠂ ᠵᠠᠯᠠᠭᠤᠴᠤᠳ ᠤᠨ ᠲᠥᠯᠥᠭᠡ ᠢᠯᠡᠭᠦᠬᠡᠨ ᠪᠣᠳᠣᠯᠬᠢᠯᠠᠵᠤ᠂ ᠥᠪᠡᠷ ᠤᠨ ᠢᠶᠠᠨ ᠲᠥᠯᠥᠭᠡ | ᠳᠤᠲᠠᠭᠤ ᠪᠣᠳᠣᠯᠬᠢᠯᠠᠬᠤ ᠬᠡᠷᠡᠭᠲᠡᠢ᠃ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠬᠤ ᠠᠵᠢᠯ ᠤᠨ ᠰᠤᠷᠲᠠᠯ ᠢ ᠪᠤᠢ ᠪᠣᠯᠭᠠᠵᠤ᠂ ᠬᠤᠭᠤᠰᠤᠨ ᠦᠭᠡ | ᠶᠠᠷᠢᠬᠤ ᠦᠭᠡᠢ᠂ ᠢᠯᠡᠭᠦᠬᠡᠨ ᠪᠣᠳᠠᠲᠠᠢ ᠶᠢ ᠡᠷᠬᠢᠮᠯᠡᠵᠦ᠂ ᠵᠣᠷᠢᠭᠲᠠᠢ ᠪᠠᠷ ᠪᠡᠷᠬᠡ ᠬᠠᠲᠠᠭᠤᠵᠢᠯᠲᠠᠢ ᠣᠷᠴᠢᠨ ᠲᠣᠭᠤᠷᠢᠨ ᠪᠠ ᠦᠨᠳᠦᠰᠦᠨ ᠱᠠᠲᠤᠨ ᠤ ᠡᠮᠦᠨ᠎ᠡ | ᠹᠷᠣᠨᠲ ᠲᠤ ᠬᠦᠷᠴᠦ ᠵᠣᠪᠠᠭᠤᠷᠢ ᠵᠦᠳᠡᠭᠦᠷᠢ ᠶᠢ ᠡᠭᠦᠷᠭᠡᠯᠡᠵᠦ᠂ ᠬᠦᠴᠢᠷ ᠪᠡᠷᠬᠡᠰᠢᠶᠡᠯ ᠢ ᠡᠭᠦᠷᠭᠡᠯᠡᠵᠦ᠂ ᠬᠦᠨᠳᠦ ᠡᠭᠦᠷᠭᠡ ᠶᠢ ᠡᠭᠦᠷᠭᠡᠯᠡᠵᠦ᠂ ᠠᠶᠤᠯ ᠲᠦᠭᠰᠢᠭᠦᠷᠢ ᠶᠢ | ᠡᠭᠦᠷᠭᠡᠯᠡᠵᠦ᠂ ᠨᠣᠮᠣᠬᠠᠨ ᠰᠢᠳᠤᠷᠭᠤ ᠪᠠᠷ ᠬᠥᠮᠥᠨ ᠪᠣᠯᠵᠤ᠂ ᠯᠠᠪᠳᠠᠭᠤᠨ ᠪᠠᠲᠤᠲᠠᠢ ᠪᠠᠷ ᠠᠵᠢᠯ ᠬᠢᠬᠦ ᠬᠡᠷᠡᠭᠲᠡᠢ᠃ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ | ᠶᠣᠰᠣ ᠰᠤᠷᠲᠠᠬᠤᠨ ᠤ ᠬᠡᠪ ᠪᠣᠯᠪᠠᠰᠤᠷᠠᠯ ᠢ ᠬᠥᠮᠥᠵᠢᠭᠦᠯᠵᠦ᠂ ᠰᠡᠳᠬᠢᠯ ᠳᠡᠭᠡᠨ ᠵᠢᠷᠦᠬᠡᠰᠢᠶᠡᠯ ᠲᠠᠢ᠂ ᠦᠭᠡ ᠶᠠᠷᠢᠶᠠᠨ ᠳᠠᠭᠠᠨ ᠴᠡᠭᠡᠷᠯᠡᠯ ᠲᠠᠢ᠂ ᠦᠢᠯᠡ | ᠠᠵᠢᠯᠯᠠᠭ᠎ᠠ ᠳᠠᠭᠠᠨ ᠬᠤᠷᠢᠭ᠎ᠠ ᠴᠡᠭᠡᠷ ᠲᠠᠢ ᠪᠠᠶᠢᠵᠤ᠂ ᠰᠥᠰᠥ ᠵᠣᠷᠢᠭ᠂ ᠲᠡᠰᠪᠦᠷᠢ ᠲᠡᠪᠴᠢᠶᠡᠷᠢ᠂ ᠪᠡᠶ᠎ᠡ ᠪᠠᠨ ᠪᠠᠷᠢᠬᠤ ᠴᠢᠳᠠᠪᠤᠷᠢ ᠪᠠᠨ ᠲᠠᠰᠤᠷᠠᠯᠲᠠ ᠦᠭᠡᠢ ᠳᠠᠪᠲᠠᠨ | ᠪᠣᠯᠪᠠᠰᠤᠷᠠᠭᠤᠯᠵᠤ᠂ ᠨᠢᠭᠡ ᠰᠡᠳᠬᠢᠯ ᠢᠶᠠᠷ ᠲᠥᠪ ᠭᠤᠣᠯᠴᠢ᠂ ᠲᠥᠪ ᠴᠢᠬᠡᠴᠢ᠂ ᠠᠷᠢᠭᠤᠨ ᠴᠢᠬᠡᠴᠢ ᠬᠥᠮᠥᠨ ᠪᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠶᠠᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ | ᠪᠣᠯ ᠬᠤᠰᠢᠭᠤᠴᠢ ᠠᠩᠭᠢ᠂ ᠡᠪ ᠬᠠᠮᠲᠤ ᠵᠠᠯᠠᠭᠤᠴᠤᠳ ᠤᠨ ᠡᠪᠯᠡᠯ ᠪᠣᠯ ᠭᠠᠪᠰᠢᠭᠠᠢ ᠠᠩᠭᠢ᠂ ᠪᠠᠭᠠᠴᠤᠳ ᠤᠨ ᠬᠤᠰᠢᠭᠤᠴᠢ ᠠᠩᠭᠢ ᠪᠣᠯ ᠪᠡᠯᠡᠳᠬᠡᠯ ᠠᠩᠭᠢ ᠪᠣᠯᠣᠨ᠎ᠠ᠃ | ᠪᠠᠭᠠᠴᠤᠳ ᠤᠨ ᠬᠤᠰᠢᠭᠤᠴᠢ ᠠᠩᠭᠢ ᠳᠤ ᠣᠷᠣᠬᠤ᠂ ᠡᠪᠯᠡᠯ ᠳᠤ ᠣᠷᠣᠬᠤ᠂ ᠨᠠᠮ ᠳᠤ ᠣᠷᠣᠬᠤ ᠪᠣᠯ ᠵᠠᠯᠠᠭᠤᠴᠤᠳ ᠤᠨ ᠤᠯᠤᠰ ᠲᠦᠷᠦ ᠶᠢᠨ ᠲᠠᠪᠰᠢᠯᠳᠠ ᠶᠢ | ᠬᠥᠭᠡᠭᠡᠴᠡᠯᠳᠦᠬᠦ ︽ᠬᠥᠮᠥᠨ ᠤ ᠠᠮᠢᠳᠤᠷᠠᠯ ᠤᠨ ᠭᠤᠷᠪᠠᠨ ᠠᠯᠬᠤᠮ︾ ᠮᠥᠨ᠃ ᠡᠪ ᠬᠠᠮᠲᠤ ᠵᠠᠯᠠᠭᠤᠴᠤᠳ ᠤᠨ ᠡᠪᠯᠡᠯ ᠨᠢ ᠪᠥᠬᠦ ᠡᠪᠯᠡᠯ ᠢᠶᠠᠷ ᠢᠶᠠᠨ ᠡᠩᠨᠡᠭᠡ | ᠳᠠᠭᠠᠭᠤᠯᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠪᠠᠭᠠᠴᠤᠳ ᠤᠨ ᠬᠤᠰᠢᠭᠤᠴᠢ ᠠᠩᠭᠢ ᠠᠴᠠ ᠡᠪᠯᠡᠯ ᠳᠤ ᠰᠢᠯᠢᠳᠡᠭ ᠭᠡᠰᠢᠭᠦᠳ ᠢ | ᠨᠢ ᠰᠢᠭᠤᠳ ᠲᠠᠨᠢᠯᠴᠠᠭᠤᠯᠬᠤ᠂ ᠡᠪ ᠬᠠᠮᠲᠤ ᠵᠠᠯᠠᠭᠤᠴᠤᠳ ᠤᠨ ᠡᠪᠯᠡᠯ ᠠᠴᠠ ᠨᠠᠮ ᠳᠤ ᠰᠢᠯᠢᠳᠡᠭ ᠡᠪᠯᠡᠯ ᠤᠨ ᠭᠡᠰᠢᠭᠦᠳ ᠢ ᠰᠢᠭᠤᠳ ᠲᠠᠨᠢᠯᠴᠠᠭᠤᠯᠬᠤ ᠠᠵᠢᠯ ᠤᠨ | ᠲᠣᠭᠲᠠᠴᠠ ᠶᠢ ᠵᠢᠷᠤᠮᠵᠢᠭᠤᠯᠤᠨ ᠴᠢᠩᠭᠠᠳᠬᠠᠵᠤ᠂ ᠨᠠᠮ᠂ ᠡᠪᠯᠡᠯ᠂ ᠪᠠᠭᠠᠴᠤᠳ ᠤᠨ ᠬᠤᠰᠢᠭᠤᠴᠢ ᠠᠩᠭᠢ ᠶᠢᠨ ᠬᠥᠮᠥᠨ ᠬᠥᠮᠥᠵᠢᠭᠦᠯᠬᠦ ᠬᠡᠯᠬᠢᠶ᠎ᠡ ᠶᠢ ᠬᠠᠷᠢᠯᠴᠠᠨ | ᠵᠣᠯᠭᠠᠭᠤᠯᠵᠤ ᠬᠠᠷᠢᠯᠴᠠᠨ ᠨᠡᠪᠲᠡᠷᠡᠯᠴᠡᠭᠦᠯᠬᠦ ᠶᠢ ᠬᠦᠴᠦᠯᠡᠨ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠠᠯᠠᠭᠤ ᠨᠠᠮ ᠤᠨ | ᠭᠡᠰᠢᠭᠦᠨ ᠢ ᠬᠥᠮᠥᠵᠢᠭᠦᠯᠦᠨ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠯᠠᠩᠭᠤᠶ᠎ᠠ ᠰᠢᠯᠢᠳᠡᠭ ᠡᠪ ᠬᠠᠮᠲᠤ ᠵᠠᠯᠠᠭᠤᠴᠤᠳ ᠤᠨ ᠡᠪᠯᠡᠯ ᠤᠨ | ᠭᠡᠰᠢᠭᠦᠨ ᠤ ᠳᠤᠮᠳᠠ ᠠᠴᠠ ᠨᠠᠮ ᠤᠨ ᠭᠡᠰᠢᠭᠦᠨ ᠢ ᠬᠥᠮᠥᠵᠢᠭᠦᠯᠦᠨ ᠡᠯᠰᠡᠬᠦ ᠶᠢ ᠴᠢᠬᠤᠯᠠᠴᠢᠯᠠᠵᠤ᠂ ᠬᠤᠪᠢᠰᠬᠠᠯ ᠤᠨ ᠲᠦᠷᠦ ᠵᠠᠰᠠᠭ ᠡᠭᠦᠷᠢᠳᠡ ᠥᠩᠭᠡ ᠬᠤᠪᠢᠷᠠᠬᠤ | ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠲᠤᠶᠢᠯ ᠤᠨ ᠶᠡᠭᠡ ᠬᠠᠯᠠᠭᠤᠨ ᠰᠡᠳᠬᠢᠯᠭᠡ ᠪᠠᠷ | ᠵᠠᠯᠠᠭᠤᠴᠤᠳ ᠤᠨ ᠦᠰᠦᠨ ᠪᠤᠶᠢᠵᠢᠯᠲᠠ ᠶᠢᠨ ᠵᠢᠮ᠎ᠡ ᠶᠣᠰᠣ ᠪᠣᠯᠣᠨ ᠴᠠᠭ ᠦᠶ᠎ᠡ ᠶᠢᠨ ᠣᠨᠴᠠᠯᠢᠭ ᠢ ᠰᠤᠳᠤᠯᠵᠤ᠂ ᠲᠤᠶᠢᠯ ᠤᠨ ᠶᠡᠭᠡ ᠤᠶᠤᠨ ᠴᠢᠳᠠᠯ ᠢᠶᠠᠷ | ᠵᠠᠯᠠᠭᠤᠴᠤᠳ ᠤᠨ ᠠᠵᠢᠯ ᠢ ᠠᠳᠬᠤᠵᠤ᠂ ᠵᠠᠯᠠᠭᠤ ᠨᠠᠶᠢᠵᠠ ᠨᠠᠷ ᠤᠨ ᠰᠡᠳᠬᠢᠯ ᠢ ᠮᠡᠳᠡᠭᠴᠢ᠂ ᠵᠠᠯᠠᠭᠤᠴᠤᠳ ᠤᠨ ᠠᠵᠢᠯ ᠤᠨ ᠬᠠᠯᠠᠭᠤᠨ ᠰᠡᠳᠬᠢᠯᠲᠡᠨ᠂ | ᠵᠠᠯᠠᠭᠤᠴᠤᠳ ᠤᠨ ᠵᠠᠮᠴᠢᠯᠠᠭᠴᠢ ᠪᠣᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠪᠠᠶᠢᠭᠤᠯᠤᠯᠲᠠ ᠪᠠᠷ ᠡᠪᠯᠡᠯ ᠤᠨ | ᠪᠠᠶᠢᠭᠤᠯᠤᠯᠲᠠ ᠶᠢ ᠳᠠᠶᠢᠴᠢᠯᠠᠬᠤ ᠳᠦᠷᠢᠮ ᠲᠣᠭᠲᠠᠴᠠ ᠶᠢ ᠨᠠᠶᠢᠳᠠᠪᠤᠷᠢᠵᠢᠭᠤᠯᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠤᠨ ᠳᠤᠮᠳᠠᠬᠢ ᠴᠢᠬᠤᠯᠠ ᠶᠡᠭᠡ | ᠠᠰᠠᠭᠤᠳᠠᠯ ᠢ ᠦᠷᠭᠦᠯᠵᠢ ᠰᠤᠳᠤᠯᠤᠨ ᠰᠢᠢᠳᠪᠦᠷᠢᠯᠡᠵᠦ᠂ ᠡᠪᠯᠡᠯ ᠤᠨ ᠺᠠᠳ᠋ᠷ ᠢ ᠬᠠᠯᠠᠭᠤᠨ ᠢᠶᠠᠷ ᠬᠠᠯᠠᠮᠵᠢᠯᠠᠨ ᠴᠢᠩᠭ᠎ᠠ ᠱᠠᠭᠠᠷᠳᠠᠵᠤ᠂ ᠡᠪ ᠬᠠᠮᠲᠤ ᠵᠠᠯᠠᠭᠤᠴᠤᠳ ᠤᠨ | ᠡᠪᠯᠡᠯ ᠤᠨ ᠤᠯᠠᠨ ᠲᠦᠮᠡᠨ ᠤ ᠪᠦᠯᠬᠦᠮ ᠤᠨ ᠠᠵᠢᠯ ᠤᠨ ᠣᠨᠴᠠᠯᠢᠭ ᠪᠠ ᠵᠢᠮ᠎ᠡ ᠶᠣᠰᠣ ᠪᠠᠷ ᠠᠵᠢᠯ ᠢᠶᠠᠨ ᠪᠦᠲᠦᠭᠡᠯᠴᠢ ᠪᠠᠷ ᠥᠷᠨᠢᠭᠦᠯᠬᠦ ᠶᠢ ᠳᠡᠮᠵᠢᠬᠦ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠪᠠ ᠤᠯᠤᠰ ᠲᠤ ᠠᠪᠴᠤ ᠬᠡᠯᠡᠪᠡᠯ ᠵᠠᠯᠠᠭᠤᠴᠤᠳ ᠪᠣᠯ ᠬᠠᠮᠤᠭ ᠠᠴᠠ ᠢᠯᠡᠭᠦᠦ ᠬᠠᠶᠢᠷᠠᠯᠠᠨ ᠬᠠᠮᠠᠭᠠᠯᠠᠭᠤᠰᠢᠲᠠᠢ᠂ ᠬᠠᠮᠤᠭ ᠠᠴᠠ ᠢᠯᠡᠭᠦᠦ | ᠬᠦᠰᠡᠨ ᠬᠦᠯᠢᠶᠡᠭᠦᠰᠢᠲᠡᠢ ᠶᠤᠮ᠃ ᠵᠠᠯᠠᠭᠤᠴᠤᠳ ᠡᠬᠡ ᠭᠠᠵᠠᠷ ᠳᠡᠭᠡᠷ᠎ᠡ ᠢᠳᠡᠷᠡᠭᠦᠨ ᠤᠷᠭᠤᠭᠰᠠᠨ ᠵᠢᠵᠢᠭ ᠮᠣᠳᠣ ᠰᠢᠭ᠋᠂ ᠠᠯᠢ ᠨᠢᠭᠡᠨ ᠡᠳᠦᠷ ᠲᠡᠭᠷᠢ ᠲᠤᠯᠤᠮ᠎ᠠ | ᠲᠣᠮᠣ ᠮᠣᠳᠣ ᠪᠣᠯᠵᠤ ᠲᠡᠭᠷᠢ ᠶᠢ ᠪᠠᠭᠠᠨᠠᠳᠠᠬᠤ ᠶᠤᠮ᠃ ᠵᠠᠯᠠᠭᠤᠴᠤᠳ ᠪᠠᠰᠠ ᠮᠠᠨᠳᠤᠬᠤ ᠨᠡᠷᠡᠨ ᠰᠢᠭ᠋᠂ ᠲᠠᠰᠤᠷᠠᠯᠲᠠ ᠦᠭᠡᠢ ᠡᠨᠧᠷᠭᠢ ᠬᠤᠷᠠᠮᠳᠤᠭᠤᠯᠵᠤ᠂ ᠢᠷᠡᠭᠡᠳᠦᠢ | ᠳᠤ ᠭᠡᠷᠡᠯ ᠪᠠ ᠢᠯᠴᠢ ᠪᠠᠨ ᠡᠬᠡ ᠭᠠᠵᠠᠷ ᠲᠤ ᠬᠠᠷᠠᠮ ᠦᠭᠡᠢ ᠲᠦᠭᠡᠭᠡᠬᠦ ᠶᠤᠮ᠃ ᠨᠠᠮ ᠪᠣᠯᠣᠨ ᠤᠯᠤᠰ ᠤᠨ ᠬᠦᠰᠡᠯ ᠡᠷᠡᠮᠡᠯᠵᠡᠯ ᠵᠠᠯᠠᠭᠤᠴᠤᠳ ᠤᠨ ᠪᠡᠶ᠎ᠡ ᠳᠡᠭᠡᠷ᠎ᠡ | ᠪᠤᠢ ᠭᠡᠵᠦ ᠴᠢᠬᠤᠯᠠᠴᠢᠯᠠᠪᠠ᠃ | ᠸᠠᠩ ᠬᠤ᠋ ᠨᠢᠩ ᠶᠡᠭᠡ ᠬᠤᠷᠠᠯ ᠢ ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ 100 ᠵᠢᠯ ᠤᠨ ᠲᠤᠷᠰᠢᠬᠢ ᠡᠪ ᠬᠠᠮᠲᠤ | ᠵᠠᠯᠠᠭᠤᠴᠤᠳ ᠤᠨ ᠡᠪᠯᠡᠯ ᠤᠨ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ ᠶᠠᠪᠤᠭᠰᠠᠨ ᠵᠠᠯᠠᠭᠤ ᠨᠠᠰᠤᠨ ᠤ ᠥᠩᠭᠡᠷᠡᠯᠲᠡ ᠶᠢ ᠪᠦᠬᠦ | ᠲᠠᠯ᠎ᠠ ᠪᠠᠷ ᠡᠷᠭᠢᠴᠡᠭᠦᠯᠵᠦ᠂ ᠡᠪ ᠬᠠᠮᠲᠤ ᠵᠠᠯᠠᠭᠤᠴᠤᠳ ᠤᠨ ᠡᠪᠯᠡᠯ ᠤᠨ ᠨᠠᠮ ᠤᠨ ᠤᠳᠤᠷᠢᠳᠤᠯᠭ᠎ᠠ ᠳᠣᠣᠷ᠎ᠠ᠂ ᠦᠶ᠎ᠡ ᠦᠶ᠎ᠡ ᠶᠢᠨ ᠡᠪᠯᠡᠯ ᠤᠨ ᠭᠡᠰᠢᠭᠦᠨ | ᠵᠠᠯᠠᠭᠤᠴᠤᠳ ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠬᠦ ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠶᠢ ᠭᠦᠢᠴᠡᠳ ᠨᠤᠲᠠᠯᠠᠵᠤ᠂ ᠡᠪ ᠬᠠᠮᠲᠤ ᠵᠠᠯᠠᠭᠤᠴᠤᠳ ᠤᠨ ᠡᠪᠯᠡᠯ ᠪᠣᠯᠣᠨ ᠵᠠᠯᠠᠭᠤᠴᠤᠳ ᠤᠨ | ᠠᠵᠢᠯ ᠤᠨ ᠲᠡᠦᠬᠡᠨ ᠲᠤᠷᠰᠢᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠰᠢᠨ᠎ᠡ ᠴᠠᠭ ᠦᠶ᠎ᠡ ᠶᠢᠨ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠢ | ᠰᠠᠶᠢᠲᠤᠷ ᠬᠢᠬᠦ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠲᠤ ᠴᠢᠨᠠᠷ᠂ ᠪᠠᠶᠢᠯᠳᠤᠬᠤ ᠪᠣᠳᠣᠯᠭ᠎ᠠ ᠶᠢᠨ | ᠴᠢᠨᠠᠷ᠂ ᠵᠢᠯᠤᠭᠤᠳᠬᠤ ᠴᠢᠨᠠᠷ ᠲᠠᠢ᠃ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ | ᠢᠯᠡᠳᠬᠡᠪᠡ᠃ | ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶᠠᠨ ᠤ ᠱᠦᠵᠢ ᠨᠠᠷ ᠤᠨ ᠭᠠᠵᠠᠷ ᠤᠨ ᠨᠢᠭᠡᠳᠦᠭᠡᠷ ᠱᠦᠵᠢ ᠾᠧ ᠵᠢᠶᠦ᠋ᠨ ᠺᠧ᠂ ᠳᠤᠮᠳᠠᠳᠤ ᠶᠢᠨ | ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠱᠦᠵᠢ ᠨᠠᠷ ᠤᠨ ᠭᠠᠵᠠᠷ ᠤᠨ ᠨᠢᠭᠡᠳᠦᠭᠡᠷ ᠱᠦᠵᠢ ᠴᠧᠨ ᠭᠠᠩ ᠶᠡᠭᠡ ᠬᠤᠷᠠᠯ ᠳᠡᠭᠡᠷ᠎ᠡ ᠦᠭᠡ ᠶᠠᠷᠢᠵᠠᠢ᠃ | | ᠨᠠᠮ ᠤᠨ ᠲᠥᠪ ᠬᠤᠷᠢᠶᠠᠨ ᠤ ᠱᠦᠵᠢ ᠨᠠᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠶᠡᠭᠡ ᠬᠤᠷᠠᠯ ᠳᠤ ᠣᠷᠣᠯᠴᠠᠪᠠ᠃ | ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠪᠦᠯᠬᠦᠮ ᠤᠨ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ᠂ ᠨᠡᠶᠢᠰᠯᠡᠯ ᠤᠨ ᠡᠯ᠎ᠡ | ᠡᠲᠡᠭᠡᠳ ᠤᠨ ᠡᠪᠯᠡᠯ ᠤᠨ ᠭᠡᠰᠢᠭᠦᠨ ᠵᠠᠯᠠᠭᠤᠴᠤᠳ ᠤᠨ ᠲᠥᠯᠥᠭᠡᠯᠡᠭᠴᠢ ᠵᠢᠴᠢ ᠳᠤᠮᠳᠠᠳᠤ ᠤᠯᠤᠰ ᠲᠤ ᠰᠠᠭᠤᠭ᠎ᠠ ᠬᠡᠰᠡᠭ ᠤᠯᠤᠰ ᠤᠨ ᠡᠯᠴᠢᠨ ᠰᠠᠶᠢᠳ ᠵᠡᠷᠭᠡ | 1000 ᠰᠢᠬᠠᠮ ᠬᠥᠮᠥᠨ ᠶᠡᠭᠡ ᠬᠤᠷᠠᠯ ᠳᠤ ᠣᠷᠣᠯᠴᠠᠪᠠ᠃ |