ᠭᠠᠮᠰᠢᠭ ᠤᠨ ᠠᠶᠤᠯ ᠲᠦᠭᠰᠢᠭᠦᠷᠢ ᠶᠢ ᠪᠠᠭᠠᠰᠬᠠᠵᠤ ᠰᠠᠶᠢᠨ ᠰᠠᠶᠢᠬᠠᠨ ᠭᠡᠷ ᠣᠷᠣᠨ ᠢᠶᠠᠨ ᠰᠠᠬᠢᠨ ᠬᠠᠮᠠᠭᠠᠯᠠᠰᠤᠭᠠᠢ — ᠴᠢᠩ ᠱᠦᠢ ᠾᠧ ᠰᠢᠶᠠᠨ ︽ᠪᠦᠬᠦ ᠤᠯᠤᠰ ᠤᠨ ᠬᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/5/13
      5 ᠳ᠋ᠤᠭᠠᠷ ᠰᠠᠷ᠎ᠠ ᠶᠢᠨ 12 ᠤᠨ ᠡᠳᠦᠷ ᠪᠣᠯ 14 ᠳ᠋ᠦ᠋ᠭᠡᠷ ︽ᠪᠦᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ︾ ᠪᠣᠯᠤᠨ᠎ᠠ᠂ ᠴᠢᠩ ᠱᠦᠶ ᠾᠧ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠭᠠᠵᠠᠷ ᠬᠥᠳᠡᠯᠦᠯᠲᠡ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠤᠯᠪᠣᠭᠠᠯᠠᠨ ᠤᠤᠯ ᠤᠨ ᠵᠢᠨᠳᠦ᠋ ᠬᠤᠳᠠᠯᠳᠤᠭᠠᠨ ᠤ ᠬᠤᠲᠠ ᠶᠢᠨ ᠡᠭᠦᠳᠡᠨ ᠳᠤ ︽ᠭᠠᠶ ᠭᠠᠮᠰᠢᠭ ᠤᠨ ᠠᠶᠤᠯ ᠲᠦᠭᠰᠢᠭᠦᠷᠢ ᠶᠢ ᠪᠠᠭᠠᠰᠬᠠᠵᠤ ᠰᠠᠶᠢᠨ ᠰᠠᠶᠢᠬᠠᠨ ᠭᠡᠷ ᠣᠷᠣᠨ ᠢᠶᠠᠨ ᠰᠠᠬᠢᠨ ᠬᠠᠮᠠᠭᠠᠯᠠᠰᠤᠭᠠᠢ︾ ᠭᠡᠬᠦ ᠭᠤᠣᠯ ᠰᠡᠳᠦᠪ ᠢᠶᠠᠷ ᠪᠦᠬᠦ ᠤᠯᠤᠰ ᠤᠨ ᠬᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
减轻灾害风险 守护美好家园——清水河县开展“全国防灾减灾日”宣传活动.jpg
          ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ 2022 ᠣᠨ ᠤ ᠪᠦᠬᠦ ᠤᠯᠤᠰ ᠤᠨ ᠬᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ ᠤᠬᠠᠭᠤᠯᠭ᠎ᠠ ᠶᠢᠨ ᠰᠠᠮᠪᠠᠷ᠎ᠠ ᠭᠠᠷᠭᠠᠭᠰᠠᠨ ᠪᠥᠭᠡᠳ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠠᠮ ᠲᠡᠷᠭᠡᠨ ᠳᠡᠭᠡᠷ᠎ᠡ ᠬᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠸᠢᠳᠢᠣ᠋ ᠶᠢ ᠨᠡᠪᠲᠡᠷᠡᠭᠦᠯᠵᠦ᠂ ᠠᠵᠢᠯᠲᠠᠳ ᠨᠠᠰᠢ ᠴᠠᠰᠢ ᠥᠩᠭᠡᠷᠡᠬᠦ ᠤᠯᠠᠨ ᠲᠦᠮᠡᠨ ᠳᠤ ᠬᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦ ᠶᠢᠨ ᠮᠡᠳᠡᠯᠭᠡ ᠶᠢ ᠲᠠᠶᠢᠯᠪᠤᠷᠢᠯᠠᠬᠤ ᠶᠢᠨ ᠬᠠᠮᠲᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠠᠢ᠃
减轻灾害风险 守护美好家园——清水河县开展“全国防灾减灾日”宣传活动2.jpg
          ᠮᠠᠨ ᠤ ᠤᠯᠤᠰ ᠪᠣᠯ ᠭᠠᠵᠠᠷ ᠬᠥᠳᠡᠯᠦᠯᠲᠡ ᠣᠯᠠᠨ ᠡᠭᠦᠰᠳᠡᠭ ᠤᠯᠤᠰ ᠤᠨ ᠨᠢᠭᠡ ᠪᠣᠯᠤᠨ᠎ᠠ᠃ ᠡᠶᠢᠮᠦ ᠠᠴᠠ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠪᠠ ᠰᠡᠷᠭᠡᠶᠢᠯᠡᠨ ᠠᠷᠭᠠᠴᠠᠬᠤ ᠴᠢᠳᠠᠪᠤᠷᠢ ᠶᠢ ᠰᠤᠷᠤᠯᠴᠠᠵᠤ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠢᠶᠠᠨ ᠴᠢᠩᠭᠠᠳᠬᠠᠵᠤ᠂ ᠬᠥᠮᠦᠨ ᠨᠢᠭᠡᠪᠦᠷᠢ ᠳᠤ ᠠᠪᠴᠤ ᠬᠡᠯᠡᠪᠡᠯ ᠲᠦᠢᠯ ᠤᠨ ᠴᠢᠬᠤᠯᠠ ᠶᠤᠮ᠃ ︽ᠪᠦᠬᠦ ᠤᠯᠤᠰ ᠤᠨ ᠬᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ︾ ᠤᠨ ᠤᠬᠠᠭᠤᠯᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠪᠦᠬᠦ ᠠᠷᠠᠳ ᠤᠨ ᠬᠠᠮᠰᠢᠭ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠮᠡᠳᠡᠯᠭᠡ ᠪᠣᠯᠤᠨ ᠭᠠᠮᠰᠢᠭ ᠠᠴᠠ ᠵᠠᠶᠢᠯᠠᠵᠤ ᠥᠪᠡᠷ ᠢ ᠪᠠᠨ ᠠᠪᠤᠷᠠᠬᠤ ᠮᠡᠷᠭᠡᠵᠢᠯ ᠴᠢᠳᠠᠪᠤᠷᠢ ᠶᠢ ᠲᠦᠭᠡᠮᠡᠯᠵᠢᠭᠦᠯᠦᠨ ᠳᠡᠯᠭᠡᠷᠡᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠳᠤ ᠳᠡᠭᠡᠳᠦ ᠬᠡᠮᠵᠢᠶ᠎ᠡ ᠪᠠᠷ ᠠᠩᠬᠠᠷᠤᠯ ᠲᠠᠯᠪᠢᠬᠤ ᠶᠢ ᠤᠯᠠᠮ ᠨᠢᠭᠡ ᠠᠯᠬᠤᠮ ᠤᠷᠢᠶᠠᠯᠠᠵᠤ᠂ ᠠᠷᠠᠳ ᠤᠯᠠᠨ ᠳᠤ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠭᠤᠯᠵᠤ᠂ ᠬᠠᠮᠰᠢᠭ ᠠᠴᠠ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠭᠠᠮᠰᠢᠭ ᠠᠴᠠ ᠵᠠᠶᠢᠯᠠᠬᠤ ᠠᠶᠤᠯ ᠠᠴᠠ ᠵᠠᠶᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠪᠠᠶᠢᠭᠠᠯᠢ ᠶᠢᠨ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ ᠵᠣᠯ ᠵᠢᠷᠭᠠᠯᠲᠤ ᠲᠦᠷᠦᠭᠳᠡᠯ ᠬᠦᠷᠲᠡᠮᠵᠢ ᠶᠢᠨ ᠲᠦᠷᠦᠭᠳᠡᠯ ᠢ ᠳᠡᠭᠡᠭᠰᠢᠯᠡᠭᠦᠯᠬᠦ ᠬᠡᠷᠡᠭᠲᠡᠢ ᠭᠡᠵᠡᠢ᠃
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ