ᠮᠠᠨ ᠤ ᠬᠤᠲᠠ 2022 ᠣᠨ ᠤ ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/5/13
res01_attpic_brief (1).jpg
      5 ᠳ᠋ᠤᠭᠠᠷ ᠰᠠᠷ᠎ᠠ ᠶᠢᠨ 12 ᠤᠨ ᠡᠳᠦᠷ ᠪᠣᠯ ᠠᠷᠪᠠᠨ ᠳᠥᠷᠪᠡᠳᠡᠬᠢ ᠪᠥᠬᠦ ᠤᠯᠤᠰ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ ᠪᠣᠯᠣᠨ᠎ᠠ᠂ ᠡᠨᠡ ᠵᠢᠯ ᠤᠨ ᠪᠥᠬᠦ ᠤᠯᠤᠰ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ ᠨᠢ ︽ᠭᠠᠢ ᠭᠠᠮᠰᠢᠭ ᠤᠨ ᠠᠶᠤᠯ ᠲᠦᠭᠰᠢᠭᠦᠷᠢ ᠶᠢ ᠪᠠᠭᠠᠰᠬᠠᠵᠤ᠂ ᠰᠠᠶᠢᠨ ᠰᠠᠶᠢᠬᠠᠨ ᠭᠡᠷ ᠣᠷᠣᠨ ᠢᠶᠠᠨ ᠰᠠᠬᠢᠨ ᠬᠠᠮᠠᠭᠠᠯᠠᠶ᠎ᠠ︾ ᠪᠠᠷ ᠭᠤᠣᠯ ᠰᠡᠳᠦᠪ ᠪᠣᠯᠭᠠᠵᠠᠢ᠃ ᠲᠤᠰ ᠡᠳᠦᠷ᠂ ᠬᠥᠬᠡᠬᠤᠲᠠ ᠶᠢᠨ 2022 ᠣᠨ ᠤ ᠪᠥᠬᠦ ᠤᠯᠤᠰ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠰᠣᠶᠣᠯ ᠴᠡᠴᠡᠷᠯᠢᠭ ᠲᠤ ᠶᠠᠪᠤᠭᠳᠠᠪᠠ᠃ ᠠᠵᠢᠯᠯᠠᠭ᠎ᠠ ᠶᠢᠨ ᠠᠬᠤᠢ ᠲᠠᠯᠠᠪᠠᠢ ᠳᠤ᠂ ᠬᠤᠳᠠ ᠶᠢᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠥᠪᠯᠡᠯ ᠠᠴᠠ ᠭᠡᠰᠢᠭᠦᠨ ᠨᠢᠭᠡᠴᠡ ᠶᠢ ᠵᠣᠬᠢᠶᠠᠨ ᠪᠠᠶᠢᠭᠤᠯᠤᠨ᠂ ᠳᠡᠯᠭᠡᠨ ᠦᠵᠡᠭᠦᠯᠬᠦ ᠰᠠᠮᠪᠠᠷ᠎ᠠ ᠲᠣᠬᠢᠷᠠᠭᠤᠯᠬᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠥᠬᠦᠭᠡᠷᠦᠮᠵᠢ ᠶᠢ ᠳᠡᠯᠭᠡᠨ ᠦᠵᠡᠭᠦᠯᠬᠦ᠂ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠠᠷᠭ᠎ᠠ ᠶᠢ ᠵᠢᠭᠠᠬᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠬᠤᠳᠠ ᠶᠢᠨ ᠠᠷᠠᠳ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠤᠬᠠᠮᠰᠠᠷ ᠢ ᠳᠡᠭᠡᠭᠰᠢᠯᠡᠭᠦᠯᠵᠡᠢ᠃ ᠰᠤᠷᠪᠤᠯᠵᠢᠯᠠᠭᠴᠢ ᠮᠢᠶᠣᠣ ᠰᠢᠨ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ