ᠾᠧ ᠬᠠᠢ ᠳ᠋ᠦᠩ ᠭᠤᠷᠪᠠᠨ ᠬᠠᠪᠴᠢᠯ ᠪᠦᠯᠦᠭᠯᠡᠯ ᠤᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠶᠠᠩ ᠳ᠋ᠢᠩ ᠬᠤᠸᠠ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2022/5/13
      ︵ᠰᠤᠷᠪᠤᠯᠵᠢᠯᠠᠭᠴᠢ ᠯᠢᠶᠠᠩ ᠵᠢᠩ ᠱᠤ᠋︶ 5 ᠳ᠋ᠤᠭᠠᠷ ᠰᠠᠷ᠎ᠠ ᠶᠢᠨ 12 ᠤᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠭᠤᠷᠪᠠᠨ ᠬᠠᠪᠴᠢᠯ ᠪᠦᠯᠦᠭᠯᠡᠯ ᠤᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ᠂ ᠭᠤᠷᠪᠠᠨ ᠬᠠᠪᠴᠢᠯ ᠤᠨ ᠡᠨᠧᠷᠭᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠶᠢᠨ ᠶᠡᠷᠦᠩᠬᠡᠢ ᠳᠠᠭᠠᠭᠠᠮᠠᠯ ᠶᠠᠩ ᠳ᠋ᠢᠩ ᠬᠤᠸᠠ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠬᠤᠯᠪᠣᠭᠳᠠᠯ ᠪᠦᠬᠦᠢ ᠬᠦᠷᠢᠶᠡᠨ ᠳᠠᠬᠢ ᠬᠠᠮᠲᠤᠷᠠᠯᠴᠠᠭ᠎ᠠ ᠶᠢᠨ ᠲᠤᠬᠠᠢ ᠭᠦᠨᠵᠡᠭᠡᠢ ᠶᠠᠷᠢᠯᠴᠠᠪᠠ᠃      ᠾᠧ ᠬᠠᠢ ᠳ᠋ᠦᠩ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠶᠠᠩ ᠳ᠋ᠢᠩ ᠬᠤᠸᠠ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠬᠥᠬᠡᠬᠤᠲᠠ ᠶᠠᠭ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠣᠨ ᠠᠵᠢᠯᠯᠠᠭᠠᠨ ᠤ ᠬᠥᠲᠥᠯᠪᠦᠷᠢ ᠶᠣᠰᠣᠭᠠᠷ᠂ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ ᠪᠠᠶᠢᠨ᠎ᠠ᠃ ᠭᠤᠷᠪᠠᠨ ᠬᠠᠪᠴᠢᠯ ᠪᠦᠯᠦᠭᠯᠡᠯ ᠤᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠨᠢ ᠴᠡᠪᠡᠷ ᠡᠨᠧᠷᠭᠢ ᠶᠢ ᠬᠥᠭᠵᠢᠭᠦᠯᠬᠦ ᠲᠠᠯ᠎ᠠ ᠪᠠᠷ ᠥᠪᠡᠷᠮᠢᠴᠡ ᠲᠤᠰᠬᠠᠢ ᠮᠡᠷᠭᠡᠵᠢᠯ ᠤᠨ ᠳᠠᠪᠠᠭᠤᠯᠢᠭ᠂ ᠮᠡᠷᠭᠡᠵᠢᠯ ᠤᠨ ᠳᠠᠪᠠᠭᠤᠯᠢᠭ ᠪᠣᠯᠣᠨ ᠪᠡᠯᠡ ᠮᠥᠩᠭᠦᠨ ᠤ ᠳᠠᠪᠠᠭᠤᠯᠢᠭ ᠲᠠᠢ ᠪᠠᠶᠢᠵᠤ᠂ ᠬᠥᠬᠡᠬᠤᠲᠠ ᠶᠢᠨ ᠡᠨᠧᠷᠭᠢ ᠶᠢᠨ ᠠᠵᠤ ᠦᠢᠯᠡᠰ ᠤᠨ ᠪᠦᠲᠦᠴᠡ ᠪᠠᠨ ᠲᠣᠬᠢᠷᠠᠭᠤᠯᠤᠨ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ᠂ ᠬᠠᠮᠲᠤᠷᠠᠯᠴᠠᠭᠠᠨ ᠤ ᠳᠠᠯᠳᠠ ᠬᠦᠴᠦᠨ ᠮᠠᠰᠢ ᠶᠡᠭᠡ᠂ ᠠᠯᠤᠰ ᠢᠷᠡᠭᠡᠳᠦᠢ ᠥᠷᠭᠡᠨ ᠠᠭᠤᠳᠠᠮ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠲᠥᠰᠥᠯ ᠢᠶᠠᠨ ᠤᠯᠠᠮ ᠴᠢᠨᠠᠭᠰᠢᠳᠠ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠬᠤᠶᠠᠷ ᠲᠠᠯ᠎ᠠ ᠶᠢᠨ ᠥᠨᠳᠥᠷ ᠬᠢᠷᠢ ᠲᠦᠪᠰᠢᠨ ᠲᠠᠢ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠦᠢᠯᠡᠴᠢᠯᠡᠭᠡᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠠᠬᠤᠶᠢᠯᠠᠯ ᠤᠨ ᠪᠡᠯᠡ ᠣᠷᠣᠭᠤᠯᠵᠤ ᠦᠢᠯᠡᠰ ᠪᠣᠰᠬᠠᠬᠤ ᠳᠤ ᠪᠦᠬᠦ ᠲᠠᠯ᠎ᠠ ᠶᠢᠨ ᠪᠠᠲᠤᠯᠠᠭ᠎ᠠ ᠶᠢ ᠬᠠᠩᠭᠠᠵᠤ᠂ ᠠᠵᠤ ᠠᠬᠤᠶᠢᠯᠠᠯᠲᠠᠨ ᠢ ᠣᠷᠣᠨ ᠤ ᠲᠥᠪ ᠬᠤᠲᠠ ᠳᠤ ᠰᠠᠨᠠᠭ᠎ᠠ ᠠᠮᠤᠷ ᠡᠵᠡᠩᠨᠡᠯᠲᠡ ᠬᠢᠯᠭᠡᠵᠦ᠂ ᠰᠠᠨᠠᠭ᠎ᠠ ᠠᠮᠤᠷ ᠠᠵᠤ ᠠᠬᠤᠶᠢᠯᠠᠯ ᠡᠷᠬᠢᠯᠡᠭᠦᠯᠦᠨ᠎ᠡ ᠭᠡᠵᠡᠢ᠃       ᠶᠠᠩ ᠳ᠋ᠢᠩ ᠬᠤᠸᠠ ᠺᠣᠮᠫᠠᠨᠢ ᠶᠢᠨ ᠢᠶᠠᠨ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ᠂ ᠬᠥᠭᠵᠢᠯᠲᠡ ᠶᠢᠨ ᠪᠠᠶᠢᠳᠠᠯ ᠪᠣᠯᠣᠨ ᠪᠡᠯᠡ ᠣᠷᠣᠭᠤᠯᠤᠯᠲᠠ ᠶᠢᠨ ᠰᠠᠨᠠᠮᠵᠢ ᠵᠡᠷᠭᠡ ᠪᠠᠶᠢᠳᠠᠯ ᠢ ᠲᠣᠪᠴᠢ ᠲᠠᠨᠢᠯᠴᠠᠭᠤᠯᠵᠤ᠂ ᠬᠥᠬᠡᠬᠤᠲᠠ ᠶᠢᠨ ᠣᠷᠣᠨ ᠪᠠᠶᠢᠷᠢ ᠶᠢᠨ ᠳᠠᠪᠠᠭᠤᠯᠢᠭ ᠮᠡᠳᠡᠭᠳᠡᠮ᠎ᠡ᠂ ᠬᠥᠭᠵᠢᠯᠲᠡ ᠶᠢᠨ ᠣᠷᠴᠢᠨ ᠲᠣᠭᠤᠷᠢᠨ ᠰᠠᠶᠢᠨ ᠪᠠᠶᠢᠨ᠎ᠠ᠂ ᠭᠤᠷᠪᠠᠨ ᠬᠠᠪᠴᠢᠯ ᠪᠦᠯᠦᠭᠯᠡᠯ ᠤᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠴᠢᠬᠤᠯᠠ ᠶᠡᠭᠡ ᠠᠵᠠ ᠲᠣᠬᠢᠶᠠᠯ ᠢ ᠠᠮᠵᠢᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠲᠠᠢ ᠢᠳᠡᠪᠬᠢᠲᠡᠢ ᠵᠣᠯᠭᠠᠭᠤᠯᠵᠤ᠂ ᠥᠪᠡᠷ ᠤᠨ ᠪᠡᠯᠡ ᠮᠥᠩᠭᠦ ᠪᠣᠯᠣᠨ ᠮᠡᠷᠭᠡᠵᠢᠯ ᠵᠡᠷᠭᠡ ᠳᠠᠪᠠᠭᠤᠯᠢᠭ ᠢᠶᠠᠨ ᠠᠰᠢᠭᠯᠠᠵᠤ᠂ ᠴᠡᠪᠡᠷ ᠡᠨᠧᠷᠭᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠣᠭᠠᠴᠢᠯᠠᠭᠰᠠᠨ ᠠᠵᠤ ᠦᠢᠯᠡᠰᠵᠢᠯᠲᠡ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠣᠷᠣᠨ ᠤ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦ ᠨᠡᠮᠡᠨ᠎ᠡ ᠭᠡᠵᠦ ᠢᠯᠡᠷᠬᠡᠶᠢᠯᠡᠪᠡ᠃      ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠦ ᠵᠢᠶᠠᠨ ᠭᠦᠸᠧ᠂ ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ