ᠾᠧ ᠬᠠᠢ ᠳ᠋ᠦᠩ ᠬᠤᠲᠠ ᠶᠢᠨ ᠳᠠᠷᠤᠭ᠎ᠠ ᠶᠢᠨ ᠠᠯᠪᠠᠨ ᠬᠤᠷᠠᠯ ᠢ ᠡᠷᠬᠢᠯᠡᠨ ᠬᠤᠷᠠᠯᠳᠤᠭᠤᠯᠵᠤ ᠪᠦᠬᠦ ᠬᠤᠲᠠ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2022/5/13
      ︵ᠰᠤᠷᠪᠤᠯᠵᠢᠯᠠᠭᠴᠢ ᠠᠷᠢᠭᠤᠨ᠎ᠠ︶ 5 ᠳ᠋ᠤᠭᠠᠷ ᠰᠠᠷ᠎ᠠ ᠶᠢᠨ 12 ᠤᠨ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠬᠤᠳᠠ ᠶᠢᠨ ᠳᠠᠷᠤᠭ᠎ᠠ ᠶᠢᠨ ᠠᠯᠪᠠᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠬᠤᠳᠠ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠠᠷᠢᠨ ᠬᠢᠨᠠᠮᠠᠭᠠᠢ ᠡᠮᠬᠢᠯᠡᠬᠦ ᠶᠢᠨ ᠬᠠᠮᠲᠤ ᠲᠦᠷᠦᠯ ᠵᠦᠢᠯ ᠤᠨ ᠭᠠᠷ ᠭᠦᠢᠴᠡᠳᠬᠡᠯ ᠢ ᠰᠠᠶᠢᠲᠤᠷ ᠬᠢᠬᠦ ᠪᠠ ᠨᠠᠶᠢᠳᠠᠪᠤᠷᠢᠵᠢᠭᠤᠯᠵᠤ ᠠᠬᠢᠭᠤᠯᠬᠤ ᠳᠤ ᠲᠣᠳᠣᠷᠬᠠᠢ ᠱᠠᠭᠠᠷᠳᠠᠯᠭ᠎ᠠ ᠳᠤᠷᠠᠳᠴᠠᠢ᠃      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠲᠦᠷᠦᠯ ᠵᠦᠢᠯ ᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ ᠮᠥᠨ︾ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠠᠵᠤ ᠦᠢᠯᠡᠰ ᠤᠨ ᠲᠦᠷᠦᠯ ᠵᠦᠢᠯ ᠢ ᠴᠢᠩᠭ᠎ᠠ ᠠᠳᠬᠤᠵᠤ᠂ ᠪᠦᠬᠦ ᠬᠤᠳᠠ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠳᠬᠤᠬᠤ ᠰᠠᠶᠢᠨ ᠰᠠᠶᠢᠬᠠᠨ ᠬᠠᠨᠳᠤᠰᠢ ᠶᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠠᠵᠢᠯ ᠨᠢ ᠬᠤᠴᠣᠷᠴᠤ ᠪᠠᠶᠢᠭ᠎ᠠ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠢᠨ ᠡᠷᠬᠡᠪᠰᠢ ᠳᠡᠭᠡᠳᠦ ᠬᠡᠮᠵᠢᠶ᠎ᠡ ᠪᠠᠷ ᠰᠡᠷᠡᠮᠵᠢ ᠲᠠᠢ ᠪᠠᠶᠢᠵᠤ᠂ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠴᠠᠭ ᠢᠮᠠᠭᠲᠠ ᠭᠤᠶᠢᠪᠢᠰᠢ ᠦᠭᠡᠢ ᠪᠠᠷᠢᠮᠲᠠᠯᠠᠵᠤ᠂ ᠬᠥᠭᠵᠢᠯᠲᠡ ᠶᠢᠨ ᠦᠷ᠎ᠡ ᠪᠦᠲᠦᠮᠵᠢ ᠪᠠᠷ ᠺᠠᠳ᠋ᠷ ᠤᠨ ᠴᠢᠳᠠᠪᠤᠷᠢ ᠪᠠ ᠠᠵᠢᠯ ᠤᠨ ᠰᠤᠷᠲᠠᠯ ᠢ ᠰᠢᠯᠭᠠᠬᠤ ᠬᠡᠷᠡᠭᠲᠡᠢ᠃ ︽ᠨᠢᠭᠡᠳᠦᠭᠡᠷ ᠭᠠᠷ︾ ᠪᠡᠶ᠎ᠡ ᠪᠠᠷ ᠢᠶᠠᠨ ᠠᠳᠬᠤᠵᠤ᠂ ᠪᠣᠳᠠᠲᠠᠢ ᠠᠳᠬᠤᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ  ᠰᠢᠰᠲ᠋ᠧᠮᠵᠢ ᠶᠢ ᠰᠢᠯᠢᠳᠡᠭᠵᠢᠭᠦᠯᠦᠨ᠂ ᠲᠤᠰᠬᠠᠢ ᠠᠩᠭᠢ ᠶᠢᠨ ᠬᠦᠴᠦᠨ ᠢ ᠲᠡᠭᠦᠯᠳᠡᠷᠵᠢᠭᠦᠯᠵᠦ᠂ ︽ᠭᠠᠳᠠᠭᠰᠢ ᠭᠠᠷᠬᠤ︾ ᠪᠠ ︽ᠤᠷᠢᠵᠤ ᠠᠪᠴᠢᠷᠠᠬᠤ︾ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠨᠳᠤᠯᠭᠠᠲᠤ ᠴᠢᠨᠠᠷ᠂ ᠠᠮᠵᠢᠯᠲᠠ ᠣᠯᠬᠤ ᠨᠣᠷᠮ᠎ᠠ ᠶᠢ ᠦᠨᠡᠨ ᠬᠦ ᠴᠢᠩᠭᠠᠳᠬᠠᠬᠤ ᠬᠡᠷᠡᠭᠲᠡᠢ︔ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠩᠬᠠᠷᠴᠤ᠂ ︽ᠨᠢᠭᠡᠳᠦᠭᠡᠷ ᠭᠠᠷ︾ ᠪᠡᠶ᠎ᠡ ᠪᠠᠷ ᠢᠶᠠᠨ ᠠᠳᠬᠤᠵᠤ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠳᠠᠲᠠᠢ ᠠᠳᠬᠤᠵᠤ᠂ ᠭᠤᠣᠯᠳᠠᠯᠭ᠎ᠠ ᠲᠠᠢ ᠭᠤᠭᠴᠤᠭ᠎ᠠ ᠪᠠ ᠭᠤᠣᠯᠳᠠᠯᠭ᠎ᠠ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠬᠡᠳᠡᠷᠬᠦ ᠰᠢᠬᠠᠮᠳᠠᠭᠤᠯᠵᠤ᠂ ᠬᠠᠷᠠᠯᠲᠠ ᠡᠭᠦᠷᠭᠡ ᠪᠠᠨ ᠪᠦᠬᠦ ᠬᠦᠴᠦᠨ ᠢᠶᠠᠷ ᠢᠶᠠᠨ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠡᠢ᠃      ᠬᠤᠳᠠ ᠶᠢᠨ ᠳᠡᠳ᠋ ᠳᠠᠷᠤᠭ᠎ᠠ ᠰᠢᠶᠣᠣ ᠹᠠᠩ᠂ ᠯᠢᠦ ᠵᠢᠶᠠᠨ ᠭᠦᠸᠧ᠂ ᠵᠠᠩ ᠶᠦᠩ ᠸᠧᠨ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢᠦ ᠵᠠᠨ ᠶᠢᠩ᠂ ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠪᠣᠯᠣᠨ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ