ᠮᠠᠨ ᠤ ᠬᠤᠲᠠ ᠶᠢᠨ ᠬᠤᠲᠠ ᠶᠢᠨ ᠲᠣᠭᠤᠷᠢᠭ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ ᠳᠤ ᠣᠷᠣᠯᠴᠠᠬᠤ ᠰᠣᠷᠣᠭᠴᠢ ᠶᠢᠨ ᠪᠡᠶ᠎ᠡ ᠮᠠᠬᠠᠪᠤᠳ ᠤᠨ ᠬᠡᠪ ᠴᠢᠨᠠᠷ ᠤᠨ ᠰᠢᠯᠭᠠᠯᠲᠠ ᠡᠮᠬᠢ ᠵᠢᠷᠤᠮ  ᠲᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2022/5/13
  res01_attpic_brief.jpg
      5 ᠳ᠋ᠤᠭᠠᠷ ᠰᠠᠷ᠎ᠠ ᠶᠢᠨ 12 ᠤᠨ ᠡᠳᠦᠷ ᠪᠣᠯ ᠮᠠᠨ ᠤ ᠬᠤᠲᠠ ᠶᠢᠨ ᠬᠤᠲᠠ ᠶᠢᠨ ᠲᠣᠭᠤᠷᠢᠭ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ ᠳᠤ ᠣᠷᠣᠯᠴᠠᠬᠤ ᠰᠣᠷᠣᠭᠴᠢ ᠶᠢᠨ ᠪᠡᠶ᠎ᠡ ᠮᠠᠬᠠᠪᠤᠳ ᠤᠨ ᠬᠡᠪ ᠴᠢᠨᠠᠷ ᠤᠨ ᠰᠢᠯᠭᠠᠯᠲᠠ ᠶᠢᠨ ᠵᠠᠭᠤᠴᠢᠯᠠᠭᠤᠷ ᠤᠨ ᠬᠢᠨ ᠳᠤ ᠨᠡᠭᠡᠭᠡᠯᠲᠡ ᠬᠢᠬᠦ ᠡᠳᠦᠷ ᠪᠣᠯᠣᠨ᠎ᠠ᠂ ᠰᠤᠷᠪᠤᠯᠵᠢᠯᠠᠭᠴᠢ ᠠᠬᠤᠢ ᠲᠠᠯᠠᠪᠠᠢ ᠳᠤ ᠣᠯᠵᠤ ᠬᠠᠷᠠᠭᠰᠠᠨ ᠢᠶᠠᠷ᠂ ᠲᠤᠰ ᠡᠳᠦᠷ ᠬᠤᠲᠠ ᠶᠢᠨ ᠠᠷᠪᠠᠨ ᠵᠢᠷᠭᠤᠳᠤᠭᠠᠷ ᠳᠤᠮᠳᠠᠳᠤ ᠰᠤᠷᠭᠠᠭᠤᠯᠢ᠂ ᠰᠢᠩ ᠾᠧ ᠳᠤᠮᠳᠠᠳᠤ ᠰᠤᠷᠭᠠᠭᠤᠯᠢ ᠪᠠ ᠬᠤᠲᠠ ᠶᠢᠨ ᠳᠥᠴᠢᠳᠦᠭᠡᠷ ᠳᠤᠮᠳᠠᠳᠤ ᠰᠤᠷᠭᠠᠭᠤᠯᠢ 3 ᠰᠤᠷᠭᠠᠭᠤᠯᠢ ᠶᠢᠨ 850 ᠰᠣᠷᠣᠭᠴᠢ ᠪᠡᠶ᠎ᠡ ᠮᠠᠬᠠᠪᠤᠳ ᠤᠨ ᠬᠡᠪ ᠴᠢᠨᠠᠷ ᠤᠨ ᠰᠢᠯᠭᠠᠯᠲᠠ ᠳᠤ ᠣᠷᠣᠯᠴᠠᠪᠠ᠃      ᠡᠨᠡ ᠵᠢᠯ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ ᠶᠢᠨ ᠪᠡᠶ᠎ᠡ ᠮᠠᠬᠠᠪᠤᠳ ᠤᠨ ᠬᠡᠪ ᠴᠢᠨᠠᠷ ᠤᠨ ᠰᠢᠯᠭᠠᠯᠲᠠ ᠨᠢ 5 ᠳ᠋ᠤᠭᠠᠷ ᠰᠠᠷ᠎ᠠ ᠶᠢᠨ 8 ᠤ ᠡᠳᠦᠷ ᠠᠴᠠ 5 ᠳ᠋ᠤᠭᠠᠷ ᠰᠠᠷ᠎ᠠ ᠶᠢᠨ 23 ᠤ ᠡᠳᠦᠷ ᠪᠣᠯᠲᠠᠯ᠎ᠠ ᠶᠠᠪᠤᠭᠳᠠᠵᠤ᠂ ᠬᠤᠲᠠ ᠶᠢᠨ ᠳᠥᠷᠪᠡᠨ ᠲᠣᠭᠤᠷᠢᠭ ᠤᠨ 69 ᠰᠤᠷᠭᠠᠭᠤᠯᠢ ᠶᠢᠨ 23988 ᠰᠣᠷᠣᠭᠴᠢ ᠬᠤᠲᠠ ᠶᠢᠨ ᠠᠷᠠᠳ ᠤᠨ ᠪᠡᠶ᠎ᠡ ᠶᠢᠨ ᠲᠠᠮᠢᠷ ᠤᠨ ᠲᠠᠯᠠᠪᠤᠷ ᠲᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠲᠡᠪᠰᠢᠬᠦ ᠰᠢᠯᠭᠠᠯᠲᠠ ᠶᠢᠨ ᠪᠡᠶ᠎ᠡ ᠮᠠᠬᠠᠪᠤᠳ ᠤᠨ ᠬᠡᠪ ᠴᠢᠨᠠᠷ ᠤᠨ ᠰᠢᠯᠭᠠᠯᠲᠠ ᠳᠤ ᠣᠷᠣᠯᠴᠠᠨ᠎ᠠ᠃ ᠰᠢᠯᠭᠠᠯᠲᠠ ᠶᠢᠨ ᠲᠥᠷᠥᠯ ᠨᠢ ᠡᠷᠡᠭᠲᠡᠢ ᠰᠣᠷᠣᠭᠴᠢ᠄ 1000 ᠮᠧᠲᠷ ᠤᠨ ᠭᠦᠶᠦᠯᠲᠡ᠂ ᠣᠷᠣᠨ ᠠᠴᠠ ᠪᠠᠨ ᠬᠤᠯᠠ ᠬᠠᠷᠠᠶᠢᠬᠤ᠂ ᠨᠢᠭᠡ ᠮᠢᠨᠦ᠋ᠲ ᠳᠡᠭᠡᠰᠦ ᠦᠰᠦᠷᠬᠦ︔ ᠡᠮᠡᠭᠲᠡᠢ ᠰᠤᠷᠤᠭᠴᠢ᠄ 800 ᠮᠧᠲᠷ ᠤᠨ ᠭᠦᠶᠦᠯᠲᠡ᠂ ᠣᠷᠣᠨ ᠠᠴᠠ ᠪᠠᠨ ᠬᠤᠯᠠ ᠬᠠᠷᠠᠶᠢᠬᠤ᠂ ᠨᠢᠭᠡ ᠮᠢᠨᠦ᠋ᠲ ᠳᠡᠭᠡᠰᠦ ᠦᠰᠦᠷᠬᠦ ᠪᠣᠯᠤᠨ᠎ᠠ᠃ ᠰᠤᠷᠪᠤᠯᠵᠢᠯᠠᠭᠴᠢ ᠮᠢᠶᠣᠣ ᠴᠢᠩ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ