ᠯᠣᠣ ᠨᠢᠤ ᠸᠠᠨ ᠳᠤ ᠶᠠᠪᠤᠭᠳᠠᠭᠤᠯᠤᠨ᠎ᠠ︕ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠬᠥᠬᠡᠬᠤᠲᠠ ᠶᠢᠨ ᠬᠤᠪᠢᠶᠠᠷᠢ ᠬᠤᠷᠠᠯ ᠤᠨ ᠲᠠᠯᠠᠪᠠᠢ ᠶᠢᠨ ᠰᠢᠷᠢᠰ ᠠᠵᠢᠯᠯᠠᠭ᠎ᠠ ᠶᠢᠨ ᠤᠷᠢᠳᠠᠯ︕
ᠨᠡᠶᠢᠲᠡᠯᠡᠭᠰᠡᠨ ᠴᠠᠭ᠄
2022/5/16
      ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠂ ᠠᠵᠢᠯ ᠲᠥᠷᠥᠯ ᠤᠨ ᠢᠲᠡᠭᠡᠯ ᠢ ᠳᠡᠭᠡᠭᠰᠢᠯᠡᠭᠦᠯᠵᠦ᠂ ︽ᠪᠣᠯᠪᠠᠰᠤᠨ ᠢᠶᠠᠷ ᠵᠢᠭᠤᠯᠴᠢᠯᠠᠬᠤ᠂ ᠴᠢᠨᠠᠷ ᠰᠠᠶᠢᠲᠠᠶ ᠦᠢᠯᠡᠴᠢᠯᠡᠬᠦ︾ ᠬᠡᠪ ᠰᠤᠷᠲᠠᠯ ᠢ ᠤᠷᠢᠶᠠᠯᠠᠨ ᠰᠠᠨᠠᠭᠠᠴᠢᠯᠠᠬᠤ ᠶᠢᠨ ᠲᠤᠰᠠᠳᠠ᠂ 5 ᠳ᠋ᠤᠭᠠᠷ ᠰᠠᠷ᠎ᠠ ᠶᠢᠨ 19 ᠤ ᠡᠳᠦᠷ ᠯᠣᠣ ᠨᠢᠤ ᠸᠠᠨ ᠤ ᠬᠠᠲᠤᠨ ᠭᠤᠤᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ 2022 ᠣᠨ ᠤ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠬᠥᠬᠡᠬᠤᠲᠠ ᠶᠢᠨ ᠬᠤᠪᠢᠶᠠᠷᠢ ᠬᠤᠷᠠᠯ ᠤᠨ ᠲᠠᠯᠠᠪᠠᠶ ᠶᠢᠨ ᠰᠢᠷᠢᠰ ᠠᠵᠢᠯᠯᠠᠭ᠎ᠠ ᠵᠢᠴᠢ ᠬᠤᠶᠠᠳᠤᠭᠠᠷ ᠬᠤᠭᠤᠴᠠᠭᠠᠨ ᠤ ᠬᠥᠬᠡᠬᠤᠲᠠ ᠶᠢᠨ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠢ ᠡᠷᠭᠢᠯᠡᠬᠦ ᠪᠠᠷ ᠪᠣᠶ᠃
在老牛湾举办!“中国旅游日”呼和浩特分会场系列活动前瞻!.jpg
          ᠯᠣᠣ ᠨᠢᠤ ᠸᠠᠨ ᠤ ᠬᠠᠲᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠃ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠠᠩᠭᠠᠭᠰᠠᠨ ᠵᠢᠷᠤᠭ      ᠲᠤᠬᠠᠶ ᠶᠢᠨ ᠦᠶ᠎ᠡ ᠳᠤ᠂ ᠠᠷᠠᠳ ᠲᠤ ᠠᠰᠢᠭ ᠬᠦᠷᠲᠡᠭᠡᠬᠦ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠬᠥᠬᠡᠬᠤᠲᠠ ᠶᠢᠨ ᠰᠣᠶᠣᠯ ᠵᠢᠭᠤᠯᠴᠢᠯᠠᠯ ᠤᠨ ᠳᠦᠷᠢ ᠲᠥᠷᠬᠦ ᠶᠢᠨ ᠤᠬᠠᠭᠤᠯᠭ᠎ᠠ ᠶᠢᠨ ᠡᠯᠴᠢᠨ ᠰᠠᠶᠢᠳ᠂ ᠬᠥᠬᠡᠬᠤᠲᠠ ᠵᠢᠴᠢ ᠴᠢᠩ ᠱᠦᠶ ᠾᠧ ᠵᠡᠷᠭᠡ ᠬᠤᠰᠢᠭᠤ ᠰᠢᠶᠠᠨ ᠲᠣᠭᠤᠷᠢᠭ ᠤᠨ ᠰᠣᠶᠣᠯ ᠤᠨ ᠵᠢᠭᠤᠯᠴᠢᠯᠠᠯ ᠤᠨ ᠨᠡᠷᠡᠲᠦ ᠲᠡᠮᠳᠡᠭ ᠢ ᠤᠬᠠᠭᠤᠯᠤᠨ ᠲᠠᠨᠢᠯᠴᠠᠭᠤᠯᠵᠤ᠂ ᠲᠦᠷᠦᠭᠦᠦ ᠪᠦᠯᠦᠭ ᠤᠨ ᠬᠤᠳᠠ ᠶᠢᠨ ᠲᠡᠰ ᠤᠨ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠡ᠂ ᠵᠢᠭᠤᠯᠴᠢᠯᠠᠯ ᠤᠨ ᠠᠷᠠᠳ ᠲᠤ ᠠᠰᠢᠭ ᠬᠦᠷᠲᠡᠭᠡᠬᠦ ᠺᠠᠷᠲ ᠵᠢᠴᠢ A ᠲᠡᠰ ᠤᠨ ᠦᠵᠡᠮᠵᠢ ᠶᠢᠨ ᠣᠷᠣᠨ ᠤ ᠡᠭᠦᠳᠡᠨ ᠪᠢᠯᠧᠲ ᠬᠦᠷᠭᠡᠬᠦ᠂ ᠱᠧᠨ ᠨᠢᠦ ᠵᠢᠭᠤᠯᠴᠢᠯᠠᠯ ᠤᠨ ᠠᠮᠲᠠᠲᠤ ᠢᠳᠡᠭᠡᠨ ᠤ ᠵᠡᠭᠡᠯᠢ᠂ ᠬᠠᠳᠤᠨ ᠭᠤᠣᠯ ᠤᠨ ᠰᠣᠶᠣᠯ᠂ ᠤᠷᠳᠤ ᠴᠠᠭᠠᠨ ᠬᠡᠷᠡᠮ ᠤᠨ ᠰᠣᠶᠣᠯ ᠤᠨ ᠰᠣᠯᠢᠯᠴᠠᠭᠠᠨ ᠤ ᠶᠠᠷᠢᠯᠴᠠᠬᠤ ᠬᠤᠷᠠᠯ ᠵᠡᠷᠭᠡ ᠠᠭᠤᠯᠭ᠎ᠠ ᠪᠠᠷ ᠪᠠᠶᠠᠯᠢᠭ᠂ ᠬᠡᠯᠪᠡᠷᠢ ᠪᠠᠷ ᠤᠯᠠᠨ ᠶᠠᠩᠵᠤ᠂ ᠴᠢᠨᠠᠷ ᠰᠠᠶᠢᠲᠠᠢ᠂ ᠥᠨᠳᠥᠷ ᠲᠦᠪᠰᠢᠨ᠂ ᠥᠪᠡᠷᠮᠢᠴᠡ ᠣᠨᠴᠠᠯᠢᠭ ᠲᠠᠢ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠠᠯᠢ ᠤᠯᠠᠨ ᠰᠠᠶᠢᠨ ᠪᠦᠲᠦᠭᠡᠭᠳᠡᠬᠦᠨ᠂ ᠰᠠᠶᠢᠨ ᠦᠨᠦᠷ ᠠᠮᠲᠠ᠂ ᠰᠠᠶᠢᠨ ᠠᠵᠢᠯᠯᠠᠭ᠎ᠠ ᠶᠢ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠬᠥᠬᠡᠬᠤᠲᠠ ᠶᠢᠨ ᠬᠤᠪᠢᠶᠠᠷᠢ ᠬᠤᠷᠠᠯ ᠤᠨ ᠲᠠᠯᠠᠪᠠᠢ ᠳᠤ ᠲᠥᠪᠯᠡᠷᠡᠭᠦᠯᠦᠨ ᠳᠡᠯᠭᠡᠨ ᠦᠵᠡᠭᠦᠯᠬᠦ ᠪᠣᠯᠤᠨ᠎ᠠ᠃       ᠣᠶᠢᠯᠠᠭᠠᠭᠰᠠᠨ ᠢᠶᠠᠷ᠂ 2022 ᠣᠨ ᠤ 5 ᠳ᠋ᠤᠭᠠᠷ ᠰᠠᠷ᠎ᠠ ᠶᠢᠨ 19 ᠤ ᠡᠳᠦᠷ ᠪᠣᠯ 12 ᠳ᠋ᠤᠭᠠᠷ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠪᠣᠯᠤᠨ᠎ᠠ᠂ ᠵᠢᠭᠤᠯᠴᠢᠯᠠᠯ ᠤᠨ ᠵᠠᠬ᠎ᠠ ᠳᠡᠯᠭᠡᠭᠦᠷ ᠢ ᠠᠮᠢᠳᠤᠯᠢᠭ ᠪᠣᠯᠭᠠᠬᠤ ᠶᠢᠨ ᠲᠤᠰᠠᠳᠠ᠂ ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠲᠢᠩᠬᠢᠮ ᠠᠴᠠ ︽ᠳᠤᠮᠳᠠᠳᠤ ᠶᠢᠨ ᠰᠣᠶᠣᠯ ᠢ ᠣᠶᠢᠯᠠᠭᠠᠵᠤ ᠰᠠᠶᠢᠨ ᠰᠠᠶᠢᠬᠠᠨ ᠵᠢᠭᠤᠯᠴᠢᠯᠠᠯ ᠢ ᠡᠳ᠋ᠯᠡᠶ᠎ᠡ︾ ᠭᠡᠬᠦ ᠭᠤᠤᠯ ᠰᠡᠳᠦᠪᠲᠦ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠢ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠪᠠᠷ ᠪᠣᠶ᠃       ᠲᠤᠰ ᠤᠳᠠᠭ᠎ᠠ ᠶᠢᠨ ᠬᠥᠬᠡᠬᠤᠲᠠ ᠶᠢᠨ ᠬᠤᠪᠢᠶᠠᠷᠢ ᠬᠤᠷᠠᠯ ᠤᠨ ᠲᠠᠯᠠᠪᠠᠢ ᠳᠤ ᠨᠡᠶᠢᠲᠡᠯᠡᠭᠰᠡᠨ ᠰᠢᠷᠢᠰ ᠠᠵᠢᠯᠯᠠᠭ᠎ᠠ ᠨᠢ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠭᠡᠬᠦ ᠪᠦᠬᠦ ᠠᠷᠠᠳ ᠢᠶᠠᠷ ᠢᠶᠠᠨ ᠬᠠᠮᠲᠤᠪᠠᠷ ᠡᠳ᠋ᠯᠡᠬᠦ ᠰᠠᠶᠢᠨ ᠰᠠᠶᠢᠬᠠᠨ ᠵᠢᠭᠤᠯᠴᠢᠯᠠᠯ ᠤᠨ ᠠᠵᠠ ᠲᠣᠬᠢᠶᠠᠯ ᠢ ᠠᠰᠢᠭᠯᠠᠨ᠂ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠥᠷᠭᠡᠳᠬᠡᠵᠦ᠂ ᠲᠡᠭᠦᠨ ᠢ ᠦᠨᠡᠨᠬᠦ ᠠᠷᠠᠳ ᠤᠯᠠᠨ ᠤ ᠰᠡᠳᠬᠢᠯ ᠳᠠᠬᠢ ︽ᠰᠢᠯᠦᠭ ᠪᠠ ᠠᠯᠤᠰ ᠤᠨ ᠠᠶᠠᠯᠠᠯ︾ ᠪᠣᠯᠭᠠᠬᠤ ᠪᠠᠷ ᠵᠣᠷᠢᠯᠭ᠎ᠠ ᠪᠣᠯᠭᠠᠵᠠᠢ᠃ ᠡᠭᠦᠨ ᠤ ᠬᠠᠮᠲᠤ᠂ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠰᠢᠷᠢᠰ ︽ᠰᠣᠶᠣᠯ ᠤᠨ ᠳᠠᠶᠢᠯᠠᠯᠭ᠎ᠠ︾ ᠶᠢᠨ ᠠᠵᠢᠯᠯᠠᠭ᠎ᠠ ᠶᠢ ᠡᠷᠬᠢᠯᠡᠬᠦ ᠪᠠᠷ ᠳᠠᠮᠵᠢᠭᠤᠯᠤᠨ᠂ ᠬᠥᠬᠡᠬᠤᠲᠠ ᠶᠢᠨ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠰᠡᠷᠭᠦᠨ ᠬᠥᠭᠵᠢᠬᠦ ᠢᠲᠡᠭᠡᠯ ᠵᠣᠷᠢᠭ ᠢ ᠬᠥᠪᠴᠢᠯᠡᠵᠦ᠂ ᠳᠤᠮᠳᠠᠳᠤ ᠤᠯᠤᠰ ᠤᠨ ᠥᠯᠢᠭᠡᠷ ᠢ ᠰᠠᠶᠢᠲᠤᠷ ᠶᠠᠷᠢᠵᠤ᠂ ᠬᠥᠬᠡᠬᠤᠲᠠ ᠶᠢᠨ ᠥᠯᠢᠭᠡᠷ ᠢ ᠰᠠᠶᠢᠲᠤᠷ ᠶᠠᠷᠢᠵᠤ᠂ ᠬᠥᠬᠡᠬᠤᠲᠠ ᠶᠢᠨ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠥᠷᠭᠡᠳᠬᠡᠨ᠂ ᠬᠥᠬᠡᠬᠤᠲᠠ ᠳᠤ ᠬᠥᠮᠦᠨ ᠪᠣᠯᠭᠠᠨ ᠰᠣᠶᠣᠯ ᠤᠨ ᠵᠢᠭᠤᠯᠴᠢᠯᠠᠯ ᠢ ᠳᠡᠮᠵᠢᠬᠦ᠂ ᠬᠥᠮᠦᠨ ᠪᠣᠯᠭᠠᠨ ᠰᠣᠶᠣᠯ ᠤᠨ ᠵᠢᠭᠤᠯᠴᠢᠯᠠᠯ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠪᠣᠯᠣᠨ᠎ᠠ᠃ ᠬᠥᠬᠡᠬᠤᠲᠠ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠬᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠠᠭᠤᠰᠤᠯᠴᠠᠨ ᠬᠥᠭᠵᠢᠬᠦ ᠶᠢ ᠠᠬᠢᠭᠤᠯᠬᠤ᠂ ︽ᠣᠷᠣᠨ ᠪᠦᠰᠡ ᠶᠢᠨ ᠰᠡᠯᠡᠭᠦᠴᠡᠯ ᠠᠮᠠᠷᠠᠯᠲᠠ ᠶᠢᠨ ᠲᠥᠪ︾ ᠪᠠ ︽ᠵᠤᠭᠠᠴᠠᠬᠤ ᠳᠤ ᠲᠣᠬᠢᠷᠠᠮᠵᠢᠲᠠᠶ︾ ᠴᠢᠨᠠᠷ ᠰᠠᠶᠢᠲᠠᠶ ᠬᠤᠲᠠ ᠶᠢ ᠪᠥᠲᠥᠭᠡᠨ ᠪᠠᠶᠢᠭᠤᠯᠬᠤ᠂ ︽ᠦᠵᠡᠰᠬᠦᠯᠡᠩᠲᠦ ᠰᠠᠶᠢᠬᠠᠨ ᠬᠥᠬᠡᠬᠤᠲᠠ ᠶᠢᠨ ᠲᠠᠯ᠎ᠠ ᠨᠤᠲᠤᠭ ᠤᠨ ᠬᠤᠲᠠ︾ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠪᠣᠯᠣᠨ᠎ᠠ᠃
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ