ᠴᠢᠩ ᠱᠦᠢ ᠡᡁᠧ ᠰᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠲᠣᠭᠲᠠᠭᠤᠨ ᠢ ᠬᠠᠮᠠᠭᠠᠯᠠᠬᠤ ᠠᠮᠤᠷ ᠢ ᠬᠠᠮᠠᠭᠠᠯᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠴᠢᠩ ᠱᠦᠢ ᠡᡁᠧ ᠭᠤᠣᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/16
      5 ᠳ᠋ᠤᠭᠠᠷ ᠰᠠᠷ᠎ᠠ ᠶᠢᠨ 13 ᠤ ᠡᠳᠦᠷ᠂ ᠴᠢᠩ ᠱᠦᠢ ᠡᡁᠧ ᠰᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠲᠣᠭᠲᠠᠭᠤᠨ ᠢ ᠬᠠᠮᠠᠭᠠᠯᠠᠬᠤ ᠠᠮᠤᠷ ᠢ ᠬᠠᠮᠠᠭᠠᠯᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠴᠢᠩ ᠱᠦᠢ ᠡᡁᠧ ᠭᠤᠣᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠢ ᠬᠤᠷᠠᠯᠳᠤᠭᠤᠯᠪᠠ᠃ ᠬᠤᠷᠠᠯ ᠠᠴᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠲᠣᠭᠲᠠᠭᠤᠨ ᠢ ᠬᠠᠮᠠᠭᠠᠯᠠᠬᠤ ᠠᠮᠤᠷ ᠢ ᠬᠠᠮᠠᠭᠠᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠲᠣᠭᠲᠠᠭᠤᠨ ᠢ ᠬᠠᠮᠠᠭᠠᠯᠠᠬᠤ ᠠᠮᠤᠷ ᠢ ᠬᠠᠮᠠᠭᠠᠯᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃
清水河县召开党的二十大维稳安保工作部署会暨更高水平的平安清水河建设工作会议.jpg
          ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠩ ᠬᠠᠶ ᠵᠢᠶᠦ᠋ᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠯᠢᠦ ᠵᠢᠶᠠᠨ ᠴᠢᠶᠠᠩ ᠬᠤᠷᠠᠯ ᠡᠷᠭᠢᠯᠡᠵᠡᠶ᠃ ᠪᠦᠬᠦ ᠰᠢᠶᠠᠨ ᠤ ᠡᠯ᠎ᠡ ᠰᠢᠶᠠᠩ ᠪᠠᠯᠭᠠᠰᠤᠨ ᠤ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃       ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠳᠦᠷᠤ ᠶᠢᠨ ᠮᠠᠭᠠᠳᠯᠠᠬᠤ ᠴᠢᠳᠠᠪᠤᠷᠢ᠂ ᠤᠯᠤᠰ ᠳᠦᠷᠤ ᠶᠢᠨ ᠣᠶᠢᠯᠠᠭᠠᠬᠤ ᠴᠢᠳᠠᠪᠤᠷᠢ᠂ ᠤᠯᠤᠰ ᠳᠦᠷᠤ ᠶᠢᠨ ᠬᠡᠷᠡᠭᠵᠢᠭᠦᠯᠬᠦ ᠴᠢᠳᠠᠪᠤᠷᠢ ᠪᠠᠨ ᠣᠢᠨᠠᠩᠦ ᠳᠡᠭᠡᠭᠰᠢᠯᠡᠭᠦᠯᠵᠦ᠂ ︽ᠤᠯᠤᠰ ᠤᠨ ᠶᠡᠭᠡ ᠶᠠᠪᠤᠳᠠᠯ︾ ᠢ ᠢᠮᠠᠭᠲᠠ ᠪᠠᠲᠤ ᠴᠡᠭᠡᠵᠢᠯᠡᠨ᠂ ᠤᠯᠤᠰ ᠳᠦᠷᠤ ᠶᠢᠨ ᠪᠠ ᠪᠦᠭᠦ ᠲᠠᠯ᠎ᠠ ᠶᠢᠨ ᠳᠡᠭᠡᠳᠦ ᠬᠡᠮᠵᠢᠶᠡᠨ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠲᠣᠭᠲᠠᠭᠤᠨ ᠪᠠᠶᠢᠳᠠᠯ ᠢ ᠬᠠᠮᠠᠭᠠᠯᠠᠵᠤ ᠠᠮᠤᠷ ᠢ ᠬᠠᠮᠠᠭᠠᠯᠠᠬᠤ ᠠᠵᠢᠯ ᠢ ᠳᠦᠯᠭᠢᠠ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠶᠢ ᠲᠠᠨᠢᠬᠤ ᠬᠡᠷᠡᠭᠲᠡᠢ᠃ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠡᠭᠦᠷᠭᠡᠯᠡᠯ ᠢᠶᠠᠨ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ︔ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃       ᠬᠤᠷᠠᠯ ᠠᠴᠠ ᠱᠠᠭᠠᠷᠳᠠᠭᠰᠠᠨ ᠨᠢ᠂ ᠬᠤᠷᠢᠳᠤᠭᠠᠷ ᠶᠡᠭᠡ ᠬᠤᠷᠠᠯ ᠤᠨ ᠲᠣᠭᠲᠠᠭᠤᠨ ᠢ ᠬᠠᠮᠠᠭᠠᠯᠠᠬᠤ ᠠᠮᠤᠷ ᠲᠦᠪᠰᠢᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠪᠣᠯ ᠪᠦᠬᠦ ᠰᠢᠶᠠᠨ ᠤ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠵᠠᠶᠢᠯᠠᠭᠤᠯᠵᠤ ᠪᠣᠯᠤᠰᠢ ᠦᠭᠡᠢ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠮᠥᠨ᠂ ᠡᠷᠬᠡᠪᠰᠢ ᠢᠯᠠᠯᠲᠠ ᠤᠯᠬᠤ ᠬᠡᠷᠡᠭᠲᠡᠢ ᠰᠢᠪᠲᠤᠯᠤᠯᠲᠠ ᠮᠥᠨ᠃ ᠪᠢᠳᠡ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠤᠯᠤᠰ ᠲᠥᠷᠥ ᠶᠢᠨ ᠦᠨᠳᠦᠷᠴᠡ ᠳᠤ ᠵᠣᠭᠰᠣᠵᠤ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠷᠢᠮᠲᠠᠯᠠᠵᠤ᠂ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠡᠬᠡ ᠤᠯᠤᠰ ᠤᠨ ︽ᠤᠮᠠᠷᠠᠲᠤ ᠶᠢᠨ ᠶᠡᠭᠡ ᠬᠠᠭᠠᠯᠭ᠎ᠠ︾ ᠶᠢ ᠰᠠᠶᠢᠲᠤᠷ ᠰᠠᠬᠢᠬᠤ᠂ ᠨᠡᠶᠢᠰᠯᠡᠯ ᠤᠨ ︽ᠬᠤᠳᠠ ᠶᠢ ᠬᠠᠮᠠᠭᠠᠯᠠᠬᠤ ᠭᠤᠣᠯ︾ ᠪᠣᠯᠬᠤ ᠲᠠᠯ᠎ᠠ ᠪᠠᠷ᠂ ᠴᠢᠩ ᠱᠦᠢ ᠾᠧ ᠶᠢᠨ ᠺᠠᠳ᠋ᠷᠴᠤᠳ ᠤᠨ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠵᠦ᠂ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠡᠢ᠃
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ