ᠬᠤᠷᠢᠨᠭᠡᠷ ᠰᠢᠶᠠᠨ ᠤ ᠤᠳᠤᠷᠢᠳᠤᠯᠭ᠎ᠠ ᠬᠡᠷᠡᠮ ᠨᠤᠷᠠᠭᠠᠵᠤ ᠬᠦᠷᠢᠶ᠎ᠡ ᠨᠡᠶᠢᠯᠡᠭᠦᠯᠬᠦ ᠠᠵᠢᠯ ᠥᠷᠨᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/5/16
5.16县领导实地调研督导拆墙并院工作开展情况.jpg
      5 ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠪᠦᠦ ᠫᠢᠩ ᠮᠠᠨ ᠤ ᠰᠢᠶᠠᠨ ᠤ ᠴᠧᠩ ᠭᠤᠸᠠᠨ ᠪᠠᠯᠭᠠᠰᠤᠨ ᠤ ᠬᠡᠰᠡᠭ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠬᠡᠷᠡᠮ ᠨᠤᠷᠠᠭᠠᠵᠤ ᠬᠦᠷᠢᠶ᠎ᠡ ᠨᠡᠶᠢᠯᠡᠭᠦᠯᠬᠦ ᠠᠵᠢᠯ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠫᠦ᠋ ᠰᠢ ᠸᠠᠨ᠂ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠸᠠᠩ ᠪᠦᠦ ᠫᠢᠩ ᠬᠡᠷᠡᠮ ᠨᠤᠷᠠᠭᠠᠵᠤ ᠬᠦᠷᠢᠶ᠎ᠡ ᠨᠡᠶᠢᠯᠡᠭᠦᠯᠬᠦ ᠠᠵᠢᠯ ᠤᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠦᠷᠦᠯ ᠵᠦᠢᠯ ᠤᠨ ᠬᠠᠷᠢᠭᠤᠴᠠᠯᠭᠠᠲᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠵᠢᠷᠤᠭ ᠲᠥᠯᠥᠪᠯᠡᠭᠡ ᠶᠢᠨ ᠲᠥᠯᠥᠪᠵᠢᠭᠦᠯᠭᠡ ᠶᠢᠨ ᠵᠢᠷᠤᠭ ᠢ ᠪᠠᠶᠢᠴᠠᠭᠠᠨ ᠦᠵᠡᠵᠦ᠂ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠵᠡᠷᠭᠡ ᠲᠠᠯ᠎ᠠ ᠶᠢᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠲᠤᠬᠠᠢ ᠶᠢᠨ ᠲᠠᠯᠠᠪᠤᠷ ᠲᠤ ᠰᠠᠨᠠᠯ ᠰᠠᠨᠠᠭᠤᠯᠭ᠎ᠠ ᠳᠤᠷᠠᠳᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃      ᠸᠠᠩ ᠪᠦᠦ ᠫᠢᠩ᠂ ᠬᠡᠷᠡᠮ ᠨᠤᠷᠠᠭᠠᠵᠤ ᠬᠦᠷᠢᠶ᠎ᠡ ᠨᠡᠶᠢᠯᠡᠭᠦᠯᠬᠦ ᠠᠵᠢᠯ ᠳᠤ ᠪᠣᠳᠠᠲᠠᠢ ᠠᠴᠠ ᠡᠭᠦᠰᠴᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠣᠶᠢᠯᠠᠭᠠᠵᠤ᠂ ︽ᠴᠢᠳᠠᠮᠵᠢ ᠶᠢ ᠲᠡᠭᠦᠯᠳᠡᠷᠵᠢᠭᠦᠯᠵᠦ᠂ ᠠᠷᠠᠳ ᠲᠤ ᠲᠦᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ︾ ᠠᠵᠢᠯ ᠤᠨ ᠰᠡᠳᠬᠢᠴᠡ ᠪᠠᠷ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠥᠭᠡᠷᠡᠴᠢᠯᠡᠨ ᠰᠠᠶᠢᠵᠢᠷᠠᠭᠤᠯᠬᠤ ᠠᠵᠢᠯ ᠢ ᠠᠬᠢᠭᠤᠯᠵᠤ᠂ ᠬᠤᠳᠠ ᠶᠢᠨ ᠪᠦᠬᠦ᠋ᠢᠯᠡ ᠳᠦᠷᠰᠦ ᠪᠠᠶᠢᠳᠠᠯ ᠪᠣᠯᠤᠨ ᠬᠤᠳᠠ ᠶᠢᠨ ᠲᠦᠷᠢ ᠲᠥᠷᠬᠦ ᠶᠢ ᠳᠠᠰᠤᠷᠠᠯᠳᠠ ᠦᠬᠡᠢ ᠰᠠᠶᠢᠵᠢᠷᠠᠭᠤᠯᠤᠨ ᠳᠡᠭᠡᠭᠰᠢᠯᠡᠭᠦᠯᠵᠦ᠂ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ ᠢ ᠦᠨᠡᠨᠬᠦ ᠨᠡᠮᠡᠭᠳᠡᠭᠦᠯᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠤᠯᠬᠤ ᠠᠵᠢᠯ ᠲᠠᠢ ᠤᠶᠠᠯᠳᠤᠭᠤᠯᠤᠨ᠂ ᠰᠠᠭᠤᠭᠠᠯᠢ ᠠᠷᠠᠳ ᠤᠨ ᠲᠣᠭᠤᠷᠢᠭ ᠤᠨ ᠣᠷᠣᠵᠤ ᠭᠠᠷᠬᠤ ᠪᠣᠭᠤᠮᠲᠠ ᠶᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠪᠣᠳᠠᠰ ᠢᠶᠠᠷ ᠰᠡᠷᠭᠡᠶᠢᠯᠡᠨ ᠡᠵᠡᠮᠳᠡᠬᠦ ᠮᠡᠷᠭᠡᠵᠢᠯ ᠢᠶᠠᠷ ᠰᠡᠷᠭᠡᠶᠢᠯᠡᠨ ᠡᠵᠡᠮᠳᠡᠬᠦ ᠪᠡᠯᠡᠳᠬᠡᠮᠵᠢ ᠶᠢ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠲᠥᠬᠦᠮ ᠦᠵᠡᠭᠦᠯᠬᠦ ᠮᠥᠷᠲᠡᠭᠡᠨ ᠪᠠᠶᠢᠩᠭᠤᠵᠢᠭᠤᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠴᠤ ᠲᠥᠬᠦᠮ ᠦᠵᠡᠭᠦᠯᠵᠦ᠂ ᠰᠠᠭᠤᠭᠠᠯᠢ ᠠᠷᠠᠳ ᠲᠤ ᠠᠮᠤᠷ ᠲᠦᠪᠰᠢᠨ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠢ ᠦᠨᠡᠨ ᠬᠦ ᠪᠣᠶ ᠪᠣᠯᠭᠠᠵᠤ ᠥᠭᠬᠦ ᠬᠡᠷᠡᠭᠲᠡᠶ ᠭᠡᠵᠦ ᠴᠢᠬᠤᠯᠠᠴᠢᠯᠠᠪᠠ᠃      ᠸᠠᠩ ᠪᠦᠦ ᠫᠢᠩ᠂ ᠬᠡᠷᠡᠮ ᠨᠤᠷᠠᠭᠠᠵᠤ ᠬᠦᠷᠢᠶ᠎ᠡ ᠨᠡᠶᠢᠯᠡᠭᠦᠯᠬᠦ ᠪᠠᠷᠢᠯᠭ᠎ᠠ ᠪᠠᠷᠢᠬᠤ ᠶᠠᠪᠤᠴᠠ ᠳᠤ᠂ ᠪᠠᠷᠢᠯᠭ᠎ᠠ ᠶᠢᠨ ᠠᠮᠤᠷ ᠲᠦᠪᠰᠢᠨ ᠢ ᠠᠩᠬᠠᠷᠬᠤ ᠶᠢᠨ ᠬᠠᠮᠲᠤ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠲᠠᠢ ᠤᠶᠠᠯᠳᠤᠭᠤᠯᠵᠤ᠂ ᠡᠬᠢ ᠪᠠᠶᠠᠯᠢᠭ ᠢ ᠪᠦᠲᠦᠮᠵᠢᠲᠡᠢ ᠨᠡᠶᠢᠳᠬᠡᠵᠦ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠲᠣᠭᠤᠷᠢᠭ ᠤᠨ ᠴᠢᠨᠠᠷ ᠳᠡᠰ ᠪᠣᠯᠤᠨ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠴᠢᠨᠠᠭᠰᠢᠳᠠ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠲᠣᠭᠤᠷᠢᠭ ᠢ ᠨᠡᠩ ᠲᠠᠭᠠᠯᠠᠮᠵᠢᠲᠠᠢ ᠪᠣᠯᠭᠠᠵᠤ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠦᠨᠡᠨᠬᠦ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ