ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/5/16
ᠾᠧ ᠬᠠᠢ ᠳ᠋ᠦᠩ ᠬᠤᠷᠠᠯ ᠡᠷᠬᠢᠯᠡᠪᠡ      ︵ᠰᠤᠷᠪᠤᠯᠵᠢᠯᠠᠭᠴᠢ ᠯᠢᠶᠠᠩ ᠵᠢᠩ ᠱᠤ᠋︶ 5 ᠳ᠋ᠤᠭᠠᠷ ᠰᠠᠷ᠎ᠠ ᠶᠢᠨ 13  ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ︾ ᠤᠨ ᠴᠡᠷᠢᠭ ᠠᠷᠠᠳ ᠤᠨ ᠬᠡᠷᠡᠭᠯᠡᠭᠡ ᠶᠢᠨ ᠠᠭᠤᠰᠤᠯᠴᠠᠭᠰᠠᠨ ᠬᠥᠭᠵᠢᠯᠲᠡ ᠶᠢᠨ ᠲᠥᠯᠦᠪᠵᠢᠭᠦᠯᠭᠡ ︵ᠳᠡᠪᠰᠢᠭᠦᠯᠦᠨ ᠬᠢᠨᠠᠭᠤᠯᠬᠤ ᠨᠣᠣᠷᠠᠭ︶︾ ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ︽ᠬᠥᠬᠡᠬᠤᠲᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ︾ ︽2022 ᠣᠨ ᠤ ᠬᠥᠬᠡᠬᠤᠲᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠭᠤᠣᠯᠳᠠᠯᠭ᠎ᠠ︾ ︽ᠬᠥᠬᠡᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ︾ ︽2022 ᠣᠨ ᠤ ᠬᠥᠬᠡᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠭᠤᠣᠯᠳᠠᠯᠭ᠎ᠠ︾ ᠶᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃       ᠬᠤᠷᠠᠯ ᠠᠴᠠ ᠵᠢᠭᠠᠬᠤ ᠭᠠᠷᠭᠠᠭᠰᠠᠨ ᠨᠢ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠪᠣᠯ ᠤᠯᠤᠰ ᠤᠨ ᠪᠠᠶᠢᠯᠳᠤᠬᠤ ᠪᠣᠳᠣᠯᠭ᠎ᠠ ᠮᠥᠨ᠂ ᠤᠯᠤᠰ ᠤᠨ ᠠᠮᠤᠷ ᠲᠦᠪᠰᠢᠨ ᠪᠣᠯᠣᠨ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ︽ᠲᠥᠯᠦᠪᠵᠢᠭᠦᠯᠭᠡ︾ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠳᠡᠭᠡᠨ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠷ᠎ᠡ ᠠᠰᠢᠭ ᠢ ᠬᠠᠷᠠᠭᠤᠯᠵᠤ᠂ ᠲᠥᠷᠥᠯ ᠵᠦᠢᠯ ᠤᠨ ᠰᠣᠩᠭᠤᠯᠲᠠ᠂ ᠡᠭᠦᠷᠭᠡ ᠶᠢᠨ ᠪᠠᠶᠢᠷᠢᠯᠠᠭᠤᠯᠤᠯᠲᠠ ᠶᠢ ᠬᠠᠤᠯᠢ ᠲᠣᠭᠲᠠᠭᠠᠯ ᠳᠤ ᠨᠡᠶᠢᠴᠡᠭᠦᠯᠦᠨ᠂ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠱᠠᠭᠠᠷᠳᠠᠯᠭ᠎ᠠ ᠳᠤ ᠡᠷᠬᠡᠪᠰᠢ ᠨᠡᠶᠢᠴᠡᠭᠦᠯᠬᠦ ᠬᠡᠷᠡᠭᠲᠡᠢ᠃ ᠴᠡᠷᠢᠭ ᠠᠩᠭᠢ ᠪᠠ ᠣᠷᠣᠨ ᠨᠤᠲᠤᠭ ᠤᠨ ᠬᠠᠷᠢᠯᠴᠠᠬᠤ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ ᠴᠢᠬᠤᠯᠠ ᠶᠡᠭᠡ ᠤᠴᠢᠷ ᠶᠠᠪᠤᠳᠠᠯ ᠢ ᠡᠷᠬᠡᠪᠰᠢ ᠭᠦᠢᠴᠡᠳ ᠵᠥᠪᠳᠡᠯᠴᠡᠵᠦ᠂ ᠮᠡᠳᠡᠯᠴᠡᠬᠦ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠂ ︽ᠲᠥᠯᠦᠪᠵᠢᠭᠦᠯᠭᠡ︾ ᠳᠤ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠶᠢᠨ ᠲᠣᠭᠤᠷᠢᠨ ᠳᠤ᠂ ᠪᠣᠳᠠᠲᠠᠢ ᠬᠡᠷᠡᠭᠵᠢᠭᠦᠯᠦᠯᠲᠡ ᠶᠢ ᠡᠷᠴᠢᠮ ᠲᠠᠢ ᠡᠮᠬᠢ ᠵᠢᠷᠤᠮ ᠲᠠᠢ ᠲᠦᠯᠬᠢᠨ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢ ᠨᠠᠶᠢᠷᠠᠭᠤᠯᠤᠨ ᠵᠣᠬᠢᠶᠠᠬᠤ ᠪᠣᠯ ᠪᠦᠬᠦ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ ᠶᠢᠨ ᠬᠡᠷᠡᠭᠴᠡᠭᠡ ᠮᠥᠨ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠪᠠ ᠠᠵᠤ ᠠᠬᠤᠢ ᠶᠢᠨ ᠨᠡᠮᠡᠭᠳᠡᠯ ᠤᠨ ᠠᠷᠭ᠎ᠠ ᠬᠡᠯᠪᠡᠷᠢ ᠶᠢ ᠬᠤᠪᠢᠷᠠᠭᠤᠯᠬᠤ ᠪᠦᠲᠦᠮᠵᠢᠲᠡᠢ ᠠᠷᠭ᠎ᠠ ᠵᠠᠮ ᠮᠥᠨ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠤᠨ ᠪᠠᠶᠢᠷᠢᠰᠢᠭᠤᠯᠤᠯᠲᠠ᠂ ᠨᠡᠶᠢᠳᠬᠡᠨ ᠳᠡᠭᠡᠭᠰᠢᠯᠡᠭᠦᠯᠬᠦ᠂ ᠰᠢᠰᠲ᠋ᠧᠮᠵᠢ ᠶᠢ ᠪᠠᠶᠢᠭᠤᠯᠬᠤ ᠵᠡᠷᠭᠡ ᠲᠠᠯ᠎ᠠ ᠪᠠᠷ ᠪᠥᠬᠦ ᠬᠤᠲᠠ ᠶᠢᠨ ᠪᠠᠷᠠᠭᠠᠨ ᠤ ᠭᠦᠢᠯᠭᠡᠭᠡᠨ ᠤ ᠶᠡᠷᠦᠩᠬᠡᠢ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ︔ ᠭᠤᠣᠯᠳᠠᠯᠭ᠎ᠠ ᠲᠠᠢ ᠲᠦᠷᠦᠯ ᠵᠦᠢᠯ ᠢ ᠪᠠᠲᠤᠲᠠᠢ ᠴᠢᠩᠭ᠎ᠠ ᠠᠳᠬᠤᠵᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ ᠲᠥᠯᠥᠪᠵᠢᠭᠦᠯᠦᠨ ᠪᠠᠶᠢᠷᠢᠰᠢᠭᠤᠯᠵᠤ᠂ ᠳᠠᠪᠠᠭᠤᠯᠢᠭ ᠡᠬᠢ ᠪᠠᠶᠠᠯᠢᠭ ᠪᠣᠯᠣᠨ ᠴᠢᠬᠤᠯᠠ ᠶᠡᠭᠡ ᠲᠦᠷᠦᠯ ᠵᠦᠢᠯ ᠤᠨ ᠳᠠᠶᠢᠴᠢᠯᠠᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠥᠬᠡᠬᠤᠲᠠ ᠶᠢᠨ ᠦᠢᠯᠡᠴᠢᠯᠡᠭᠡᠨ ᠤ ᠦᠢᠯᠡᠰ᠂ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠪᠣᠯᠣᠨ ᠠᠵᠢᠯ ᠤᠨ ᠭᠤᠣᠯᠳᠠᠯᠭ᠎ᠠ ᠶᠢ ᠲᠤᠭᠤᠷᠪᠢᠭᠰᠠᠨ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠮᠠᠨ ᠤ ᠬᠤᠳᠠ ᠶᠢᠨ ᠦᠢᠯᠡᠴᠢᠯᠡᠭᠡᠨ ᠤ ᠦᠢᠯᠡᠰ ᠪᠣᠯᠣᠨ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠠᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠡᠭᠦᠷᠭᠡ ᠶᠢ ᠡᠮᠬᠢᠯᠡᠨ ᠲᠣᠳᠣᠷᠬᠠᠢ ᠪᠣᠯᠭᠠᠵᠤ᠂ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠨᠢ ᠴᠢᠭᠯᠡᠯ ᠤᠨ ᠴᠢᠨᠠᠷᠲᠠᠢ᠂ ᠵᠢᠯᠤᠭᠤᠳᠬᠤ ᠴᠢᠨᠠᠷᠲᠠᠢ ᠠᠭᠤᠯᠭ᠎ᠠ ᠪᠠᠶᠢᠵᠤ ᠂ ᠠᠵᠢᠯ ᠤᠨ ᠭᠤᠣᠯᠳᠠᠯᠭ᠎ᠠ ᠨᠢ ᠪᠣᠳᠠᠲᠠᠢ ᠢᠨᠵᠧᠨᠧᠷᠢᠩ᠂ ᠲᠥᠷᠥᠯ ᠵᠦᠢᠯ᠂ ᠡᠭᠦᠷᠭᠡ ᠪᠠᠶᠢᠵᠤ᠂ ᠬᠤᠶᠠᠭᠤᠯᠠ ᠪᠠᠨ ᠬᠠᠷᠢᠯᠴᠠᠨ ᠨᠥᠬᠦᠪᠦᠷᠢᠯᠡᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠠᠵᠢᠯ ᠤᠨ ᠨᠡᠶᠢᠯᠡᠯ ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ ᠡᠭᠦᠷᠭᠡ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ︔ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠪᠣᠳᠠᠲᠠᠢ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠲᠣᠰ ᠭᠠᠵᠠᠷ ᠣᠷᠣᠨ ᠤ ᠦᠢᠯᠡᠴᠢᠯᠡᠭᠡᠨ ᠤ ᠦᠢᠯᠡᠰ ᠂ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠠᠬᠢᠭᠤᠯᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ ᠠᠵᠢᠯ ᠤᠨ ᠡᠭᠦᠷᠭᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠪᠦᠬᠦ ᠬᠤᠳᠠ ᠶᠢᠨ 4 ᠳ᠋ᠦ᠋ᠭᠡᠷ ᠰᠠᠷ᠎ᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠤᠨ ᠠᠬᠢᠴᠠ ᠶᠢᠨ ᠪᠠᠶᠢᠳᠠᠯ ᠪᠣᠯᠣᠨ ᠭᠤᠣᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ