ᠪᠥᠬᠦ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/5/16
ᠪᠣᠣ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ       ︵ᠰᠤᠷᠪᠤᠯᠵᠢᠯᠠᠭᠴᠢ ᠶᠦᠨ ᠵᠢᠩ︶ 5 ᠳ᠋ᠤᠭᠠᠷ ᠰᠠᠷ᠎ᠠ ᠶᠢᠨ 13 ᠤ ᠡᠳᠦᠷ᠂ ᠪᠦᠬᠦ ᠬᠤᠳᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠬᠤᠷᠠᠯᠳᠤᠵᠤ᠂ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ ᠨᠡᠶᠢᠭᠡᠮ ᠢᠶᠠᠷ ᠢᠶᠠᠨ ᠣᠷᠣᠨ ᠤ ᠲᠥᠪ ᠬᠤᠲᠠ ᠶᠢᠨ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ᠂ ᠴᠢᠨᠠᠷ ᠰᠠᠶᠢᠲᠠᠢ ︽ᠰᠤᠷᠤᠯᠴᠠᠬᠤ ᠳᠤ ᠲᠣᠬᠢᠷᠠᠮᠵᠢᠲᠠᠢ︾ ᠬᠤᠳᠠ ᠶᠢ ᠪᠦᠲᠦᠭᠡᠨ ᠪᠠᠶᠢᠭᠤᠯᠬᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠶᠢᠨ ᠲᠥᠯᠥᠭᠡ ᠴᠢᠷᠮᠠᠶᠢᠨ ᠲᠡᠮᠡᠴᠡᠬᠦ ᠶᠢ ᠲᠠᠶᠢᠴᠢᠯᠠᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ ᠶᠢᠨ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠬᠤᠸᠠᠩ ᠶᠠ ᠯᠢ ᠬᠤᠷᠠᠯ ᠳᠤ ᠣᠷᠣᠯᠴᠠᠭᠰᠠᠨ ᠪᠥᠭᠡᠳ ᠮᠠᠨ ᠤ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠲᠠᠯ᠎ᠠ ᠪᠠᠷ ᠪᠣᠳᠠᠲᠠᠢ ᠵᠢᠯᠣᠭᠤᠳᠤᠯᠭ᠎ᠠ ᠬᠢᠪᠡ᠃ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠯᠢᠦ ᡁᠢ ᠢᠦᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠠᠯᠲᠠᠨᠰᠠᠩ ᠬᠤᠷᠠᠯ ᠳᠤ ᠣᠷᠣᠯᠴᠠᠪᠠ᠃      ᠬᠤᠷᠠᠯ ᠠᠴᠠ ᠣᠷᠣᠨ ᠤ ᠲᠥᠪ ᠬᠤᠲᠠ ᠨᠢ ᠶᠠᠭᠤᠨ ᠤ ᠤᠴᠢᠷ ᠠᠴᠠ ᠰᠤᠷᠭᠠᠨ ᠬᠥᠮᠦᠵᠢᠯ ᠢ ᠶᠡᠬᠡᠪᠡᠷ ᠠᠳᠬᠤᠬᠤ᠂ ᠣᠷᠣᠨ ᠤ ᠲᠥᠪ ᠬᠤᠲᠠ ᠶᠢᠨ ᠰᠤᠷᠭᠠᠨ ᠬᠥᠮᠦᠵᠢᠯ ᠤᠨ ᠣᠳᠣᠬᠢ ᠪᠠᠶᠢᠳᠠᠯ ᠢ ᠬᠡᠷᠬᠢᠨ ᠦᠵᠡᠬᠦ᠂ ᠣᠷᠣᠨ ᠤ ᠲᠥᠪ ᠬᠤᠲᠠ ᠨᠢ ᠶᠠᠮᠠᠷ ᠬᠥᠮᠥᠨ ᠢ ᠬᠥᠮᠥᠵᠢᠭᠦᠯᠬᠦ᠂ ᠣᠷᠣᠨ ᠤ ᠲᠥᠪ ᠬᠤᠲᠠ ᠨᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠡᠷᠬᠢᠨ ᠪᠡᠶᠡᠯᠡᠭᠦᠯᠬᠦ ᠪᠠ ᠣᠷᠣᠨ ᠤ ᠲᠥᠪ ᠬᠤᠲᠠ ᠨᠢ ᠰᠤᠷᠭᠠᠨ ᠬᠥᠮᠦᠵᠢᠯ ᠤᠨ ᠠᠵᠢᠯ ᠤᠨ ᠲᠠᠯ᠎ᠠ ᠪᠠᠷ ᠬᠢ ᠨᠠᠮ ᠤᠨ ᠤᠳᠤᠷᠢᠳᠤᠯᠭ᠎ᠠ ᠶᠢ ᠡᠷᠬᠡᠪᠰᠢ ᠴᠢᠩᠭᠠᠳᠬᠠᠬᠤ ᠵᠡᠷᠭᠡ ᠲᠠᠯ᠎ᠠ ᠪᠠᠷ ᠭᠦᠨᠵᠡᠭᠡᠢ ᠵᠠᠳᠠᠯᠤᠯᠲᠠ ᠪᠠ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠰᠤᠷᠭᠠᠨ ᠬᠥᠮᠦᠵᠢᠯ ᠢ ᠬᠠᠶᠢᠷ᠎ᠠ ᠰᠡᠳᠬᠢᠯᠭᠡ ᠬᠠᠷᠢᠭᠤᠴᠠᠯᠭ᠎ᠠ ᠶᠢ ᠡᠪᠦᠷᠯᠡᠨ ᠡᠷᠭᠢᠯᠡᠬᠦ ᠬᠡᠷᠡᠭᠲᠡᠢ᠃ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠰᠢᠰᠲ᠋ᠧᠮ ᠲᠠᠢ ᠰᠡᠳᠬᠢᠬᠦᠢ ᠶᠢ ᠪᠠᠷᠢᠮᠲᠠᠯᠠᠵᠤ᠂ ᠰᠢᠯᠢᠳᠡᠭ ᠰᠤᠷᠭᠠᠨ ᠬᠥᠮᠦᠵᠢᠯ ᠤᠨ ᠬᠠᠩᠭᠠᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ ᠭᠤᠣᠯᠴᠢ ᠪᠠᠶᠢᠬᠤ ᠶᠢ ᠨᠡᠩ ᠴᠢᠬᠤᠯᠠᠴᠢᠯᠠᠵᠤ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠦᠷ᠎ᠡ ᠠᠰᠢᠭ ᠢ ᠨᠡᠩ ᠤᠯᠠᠨ ᠰᠤᠷᠤᠭᠴᠢᠳ ᠲᠤ ᠬᠦᠷᠲᠡᠭᠡᠬᠦ ᠬᠡᠷᠡᠭᠲᠡᠢ᠃ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠵᠢᠭᠠᠨ ᠰᠤᠳᠤᠯᠤᠯᠲᠠ ᠶᠢᠨ ᠥᠭᠡᠷᠡᠴᠢᠯᠡᠯᠲᠡ ᠰᠢᠨᠡᠴᠢᠯᠡᠯᠲᠡ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠵᠢᠷᠤᠮᠵᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠢᠳᠡᠪᠬᠢᠲᠡᠢ ᠬᠥᠭᠵᠢᠭᠦᠯᠵᠦ᠂ ᠣᠷᠣᠨ ᠤ ᠲᠥᠪ ᠬᠤᠲᠠ ᠶᠢᠨ ᠶᠡᠭᠡ ᠳᠡᠭᠡᠳᠦ ᠰᠤᠷᠭᠠᠭᠤᠯᠢ ᠶᠢᠨ ᠡᠬᠢ ᠪᠠᠶᠠᠯᠢᠭ ᠢ ᠰᠠᠶᠢᠲᠤᠷ ᠬᠡᠷᠡᠭᠯᠡᠬᠦ ᠬᠡᠷᠡᠭᠲᠡᠢ᠃ ᠲᠤᠰᠬᠠᠢ ᠮᠡᠷᠭᠡᠵᠢᠯᠲᠡᠨ ᠢᠶᠠᠷ ᠰᠤᠷᠭᠠᠭᠤᠯᠢ ᠶᠢ ᠵᠠᠰᠠᠭᠤᠯᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠢ ᠮᠡᠳᠡᠳᠡᠭ ᠬᠥᠮᠥᠨ ᠢᠶᠠᠷ ᠰᠤᠷᠭᠠᠨ ᠬᠥᠮᠦᠵᠢᠯ ᠡᠷᠬᠢᠯᠡᠭᠦᠯᠵᠦ᠂ ᠰᠤᠷᠭᠠᠭᠤᠯᠢ ᠶᠢᠨ ᠵᠠᠬᠢᠷᠤᠯ ᠢ ᠬᠢᠨᠠᠨ ᠰᠢᠯᠭᠠᠬᠤ ᠬᠠᠮᠢᠶᠠᠷᠤᠯᠲᠠ ᠪᠠ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠰᠤᠷᠭᠠᠭᠤᠯᠢ ᠶᠢᠨ ᠵᠠᠬᠢᠷᠤᠯ ᠤᠨ ᠰᠤᠷᠭᠠᠭᠤᠯᠢ ᠡᠷᠬᠢᠯᠡᠬᠦ ᠰᠤᠷᠭᠠᠭᠤᠯᠢ ᠶᠢ ᠵᠠᠰᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠪᠠᠶᠢᠭᠤᠯᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ᠂ ᠪᠠᠭᠰᠢ ᠶᠢᠨ ᠴᠢᠳᠠᠪᠤᠷᠢ ᠶᠢᠨ ᠳᠡᠭᠡᠭᠰᠢᠯᠡᠯᠲᠡ ᠶᠢ ᠰᠠᠶᠢᠲᠤᠷ ᠠᠳᠬᠤᠵᠤ᠂ ᠰᠢᠯᠢᠳᠡᠭ ᠪᠠᠭᠰᠢ ᠶᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠪᠠᠭᠰᠢ ᠶᠢᠨ ᠬᠠᠷᠠᠭᠠᠯᠵᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠪᠦᠬᠦ ᠨᠡᠶᠢᠭᠡᠮ ᠳᠤ ᠪᠠᠭᠰᠢ ᠶᠢ ᠬᠦᠨᠳᠦᠯᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠦᠨᠡᠨᠬᠦ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠰᠤᠷᠭᠠᠭᠤᠯᠢ ᠡᠷᠬᠢᠯᠡᠵᠦ ᠰᠤᠷᠭᠠᠭᠤᠯᠢ ᠶᠢ ᠵᠠᠰᠠᠬᠤ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠰᠤᠷᠭᠠᠨ ᠬᠥᠮᠦᠵᠢᠯ ᠢ ᠠᠳᠬᠤᠬᠤ ᠬᠦᠴᠦᠷᠬᠡᠭ ᠶᠡᠭᠡ ᠨᠡᠶᠢᠯᠡᠯ ᠬᠦᠴᠦᠨ ᠢ ᠦᠨᠡᠨᠬᠦ ᠨᠢᠭᠲᠠᠷᠠᠭᠤᠯᠵᠤ᠂ ᠣᠷᠣᠨ ᠤ ᠲᠥᠪ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠳᠡᠭᠡᠷ᠎ᠡ᠂ ︽ᠣᠷᠣᠨ ᠤ ᠲᠥᠪ ᠬᠤᠲᠠ ᠶᠢᠨ ᠦᠨᠳᠦᠰᠦᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠲᠤᠬᠠᠢ ᠰᠠᠨᠠᠯ︾ ︽ᠬᠥᠬᠡᠬᠤᠲᠠ ᠶᠢᠨ ︿ᠰᠤᠷᠤᠯᠴᠠᠬᠤ ᠳᠤ ᠲᠣᠬᠢᠷᠠᠮᠵᠢᠲᠠᠢ ᠬᠤᠲᠠ﹀ ᠶᠢ ᠪᠦᠲᠦᠭᠡᠨ ᠪᠠᠶᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ ︵2022 ︱ 2024 ᠣᠨ︶︾ ︽ᠬᠥᠬᠡᠬᠤᠲᠠ ᠶᠢᠨ ᠬᠤᠲᠠ ᠶᠢᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ︵2021 ︱ 2025 ᠣᠨ︶︾ ᠳᠤ ᠲᠠᠶᠢᠯᠤᠮᠵᠢ ᠬᠢᠵᠦ᠂ ᠰᠢᠯᠢᠳᠡᠭ ᠰᠤᠷᠭᠠᠭᠤᠯᠢ ᠴᠡᠴᠡᠷᠯᠢᠭ ᠤᠨ ᠳᠠᠷᠤᠭ᠎ᠠ᠂ ᠨᠢᠭᠡᠳᠦᠭᠡᠷ ᠹᠷᠣᠨᠲ ᠤᠨ ᠪᠠᠭᠰᠢ ᠠᠵᠢᠯᠲᠠᠨ ᠤ ᠲᠥᠯᠥᠭᠡᠯᠡᠭᠴᠢ ᠪᠠ ᠣᠷᠣᠨ ᠤ ᠲᠥᠪ ᠬᠤᠲᠠ ᠶᠢᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠳᠡᠮᠵᠢᠳᠡᠭ ᠠᠵᠤ ᠠᠬᠤᠶᠢᠯᠠᠯ ᠤᠨ ᠲᠥᠯᠥᠭᠡᠯᠡᠭᠴᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃      ᠬᠤᠷᠠᠯ ᠢ ᠸᠢᠳᠢᠤ᠋ ᠮᠠᠶ᠋ᠢᠭ ᠢᠶᠠᠷ ᠡᠯ᠎ᠡ ᠬᠤᠰᠢᠭᠤ ᠰᠢᠶᠠᠨ ᠲᠣᠭᠤᠷᠢᠭ ᠬᠦᠷᠲᠡᠯ᠎ᠡ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠭᠤᠣᠯ ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ