ᠪᠣᠣ ᠭᠠᠩ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠤᠨ ᠠᠮᠢ ᠠᠬᠤᠢ ᠶᠢᠨ ᠵᠠᠰᠠᠯᠲᠠ ᠪᠣᠯᠣᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/5/16
      ︵ᠰᠤᠷᠪᠤᠯᠵᠢᠯᠠᠭᠴᠢ ᠶᠦᠨ ᠵᠢᠩ︶ 5 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠰᠢᠨ᠎ᠡ ᠬᠤᠳᠠ ᠲᠣᠭᠤᠷᠢᠭ᠂ ᠬᠤᠲᠣᠩ ᠠᠷᠠᠳ ᠤᠨ ᠲᠣᠭᠤᠷᠢᠭ᠂ ᠲᠦᠮᠡᠳ ᠵᠡᠭᠦᠨ ᠬᠤᠰᠢᠭᠤᠨ ᠳᠤ ᠭᠦᠨᠵᠡᠭᠡᠶᠢᠷᠡᠵᠦ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠤᠨ ᠠᠮᠢ ᠠᠬᠤᠢ ᠶᠢᠨ ᠵᠠᠰᠠᠯᠲᠠ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠵᠢᠴᠢ ᠵᠢᠨᠴᠤᠸᠠᠨ ᠤ ᠣᠷᠣᠨ ᠪᠦᠰᠡ ᠶᠢᠨ ᠨᠡᠶᠢᠭᠡᠮ ᠤᠨ ᠵᠠᠰᠠᠯᠲᠠ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠵᠡᠢ᠃      ᠪᠠᠶᠢᠴᠠᠭᠠᠨ ᠰᠤᠳᠤᠯᠤᠯᠲᠠ ᠳᠤᠮᠳᠠ᠂ ᠪᠣᠣ ᠭᠠᠩ ᠨᠠᠷ ᠤᠷᠢᠳ ᠬᠤᠵᠢᠳ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠳᠤ ᠪᠠᠶᠢᠷᠢᠯᠠᠭ᠎ᠠ ᠰᠢᠨ᠎ᠡ ᠬᠤᠳᠠ ᠲᠣᠭᠤᠷᠢᠭ ᠤᠨ ᠰᠡᠩᠭᠡ ᠠᠶᠢᠯ ᠲᠣᠰᠬᠤᠨ ᠤ ᠳ᠋ᠠ ᠳ᠋ᠢ ᠰᠢᠶᠠᠩ ᠶᠧ ᠠᠶᠢᠯ ᠪᠠᠭᠤᠴᠠ ᠶᠢᠨ ᠲᠥᠪ᠂ ᠮᠣᠷᠢᠨ ᠬᠤᠭᠤᠷ ᠤᠨ ᠠᠵᠤ ᠦᠢᠯᠡᠰ ᠤᠨ ᠬᠦᠷᠢᠶᠡᠯᠡᠩ ᠪᠣᠯᠣᠨ ᠬᠤᠲᠤᠩ ᠠᠷᠠᠳ ᠤᠨ ᠲᠣᠭᠤᠷᠢᠭ ᠤᠨ ᠮᠣᠨᠢ ᠠᠭᠤᠯᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ ᠳᠤ ᠬᠦᠷᠴᠦ᠂ ᠵᠢᠷᠤᠭ ᠲᠥᠯᠥᠪᠯᠡᠭᠡ ᠶᠢᠨ ᠬᠡᠪ ᠨᠠᠮᠪᠠ᠂ ᠡᠵᠡᠩᠨᠡᠯᠲᠡ ᠶᠢᠨ ᠪᠠᠶᠢᠳᠠᠯ᠂ ᠡᠷᠬᠢᠨ ᠲᠣᠭᠤᠷᠢᠨ ᠤ ᠣᠷᠣᠨ ᠪᠦᠰᠡ ᠶᠢ ᠳᠠᠶᠢᠴᠢᠯᠠᠬᠤ ᠦᠢᠯᠡᠳᠦᠯ ᠵᠢᠴᠢ ᠢᠷᠡᠭᠡᠳᠦᠢ ᠶᠢᠨ ᠬᠥᠭᠵᠢᠯᠲᠡ ᠶᠢᠨ ᠲᠥᠯᠦᠪᠵᠢᠭᠦᠯᠭᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠵᠢᠭᠠᠵᠤ ᠭᠠᠷᠭᠠᠭᠰᠠᠨ ᠨᠢ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠠᠮᠢ ᠠᠬᠤᠢ ᠶᠢᠨ ᠵᠠᠰᠠᠯᠲᠠ ᠢᠯᠡᠳᠲᠡ ᠦᠷ᠎ᠡ ᠪᠦᠲᠦᠮᠵᠢ ᠣᠯᠪᠠ᠂ ᠵᠠᠮ ᠳᠠᠭᠠᠤ ᠶᠢᠨ ᠬᠤᠰᠢᠭᠤ ᠲᠣᠭᠤᠷᠢᠭ ᠤᠨ ᠬᠢᠨ ᠠᠮᠢ ᠠᠬᠤᠢ ᠶᠢᠨ ᠳᠠᠪᠠᠭᠤᠯᠢᠭ ᠢᠶᠠᠨ ᠪᠤᠵᠠᠭᠠᠶᠢᠷᠠᠭᠤᠯᠵᠤ᠂ ᠴᠡᠯᠡᠭᠡᠷ ᠲᠠᠯ᠎ᠠ ᠶᠢᠨ ᠦᠵᠡᠮᠵᠢ ᠶᠢᠨ ᠰᠣᠶᠣᠯ ᠵᠢᠭᠤᠯᠴᠢᠯᠠᠯ ᠤᠨ ᠪᠦᠰᠡ ᠵᠡᠷᠭᠡ ᠡᠬᠢ ᠪᠠᠶᠠᠯᠢᠭ ᠲᠤ ᠲᠦᠰᠢᠭᠯᠡᠨ᠂ ᠣᠷᠣᠨ ᠤ ᠲᠥᠪ ᠬᠤᠲᠠ ᠶᠢᠨ ᠣᠷᠣᠨ ᠪᠦᠰᠡ ᠶᠢᠨ ᠰᠡᠯᠡᠭᠦᠴᠡᠯ ᠠᠮᠠᠷᠠᠯᠲᠠ ᠶᠢᠨ ᠲᠥᠪ ᠢ ᠪᠠᠶᠢᠭᠤᠯᠬᠤ ᠶᠢ ᠢᠳᠡᠪᠬᠢᠲᠡᠢ ᠲᠦᠯᠬᠢᠨ ᠠᠬᠢᠭᠤᠯᠬᠤ ᠪᠠᠷ ᠬᠠᠷᠠᠯᠲᠠ ᠪᠣᠯᠭᠠᠵᠤ᠂ ᠠᠮᠢ ᠠᠬᠤᠢ ᠶᠢᠨ ᠲᠣᠭᠤᠷᠢᠨ ᠵᠢᠭᠤᠯᠴᠢᠯᠠᠬᠤ᠂ ᠰᠡᠯᠡᠭᠦᠴᠡᠨ ᠠᠮᠠᠷᠠᠵᠤ ᠵᠢᠭᠤᠯᠴᠢᠯᠠᠬᠤ᠂ ᠬᠥᠳᠡᠭᠡ ᠲᠣᠰᠬᠤᠨ ᠤ ᠣᠨᠴᠠᠯᠢᠭᠲᠤ ᠵᠢᠭᠤᠯᠴᠢᠯᠠᠯ ᠢ ᠶᠡᠬᠡᠪᠡᠷ ᠬᠥᠭᠵᠢᠭᠦᠯᠦᠨ᠂ ᠠᠮᠢ ᠠᠬᠤᠢ ᠦᠵᠡᠰᠬᠦᠯᠡᠩᠲᠦ ᠰᠠᠶᠢᠬᠠᠨ᠂ ᠡᠵᠡᠩᠨᠡᠯᠲᠡ ᠶᠢᠨ ᠬᠡᠯᠪᠡᠷᠢ ᠪᠠᠶᠢᠳᠠᠯ ᠳᠠᠪᠰᠢᠩᠭᠤᠢ᠂ ᠣᠨᠴᠠᠯᠢᠭ ᠢᠶᠠᠷ ᠢᠯᠡ ᠲᠣᠳᠣ᠂ ᠬᠥᠮᠥᠨ ᠰᠣᠶᠣᠯ ᠤᠨ ᠠᠭᠤᠯᠤᠭᠳᠠᠬᠤᠨ ᠢᠶᠠᠷ ᠡᠯᠪᠡᠭ ᠪᠠᠶᠠᠯᠢᠭ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠤᠨ ᠠᠮᠢ ᠠᠬᠤᠢ ᠶᠢᠨ ᠵᠢᠭᠤᠯᠴᠢᠯᠠᠯ ᠤᠨ ᠪᠦᠰᠡ ᠶᠢ ᠲᠦᠷᠭᠡᠨ ᠪᠣᠶ ᠪᠣᠯᠭᠠᠵᠤ᠂ ᠡᠬᠢ ᠪᠠᠶᠠᠯᠢᠭ ᠤᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠥᠷᠭᠡᠨ ᠣᠯᠠᠨ ᠠᠷᠠᠳ ᠲᠦᠮᠡᠨ ᠳᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠠᠰᠢᠭ ᠢ ᠡᠳ᠋ᠯᠡᠭᠦᠯᠬᠦ ᠬᠡᠷᠡᠭᠲᠡᠢ ᠭᠡᠵᠡᠢ᠃      ᠵᠢᠨᠴᠦᠸᠠᠨ ᠣᠷᠣᠨ ᠤ ᠪᠠᠶᠢᠩᠭᠤ ᠰᠠᠭᠤᠭ᠎ᠠ ᠬᠥᠮᠥᠨ ᠠᠮᠠ 10 ᠲᠦᠮᠡ ᠰᠢᠬᠠᠮ ᠪᠠᠶᠢᠵᠤ᠂ ᠶᠢᠨ ᠬᠤᠸ᠂ ᠶᠢᠨ ᠬᠠᠢ᠂ ᠾᠦᠢ ᠶᠢᠨ ᠵᠡᠷᠭᠡ ᠭᠤᠷᠪᠠᠨ ᠣᠷᠣᠨ ᠪᠦᠰᠡ ᠶᠢᠨ ᠦᠢᠯᠡᠴᠢᠯᠡᠭᠡᠨ ᠤ ᠲᠥᠪ᠂ 18 ᠨᠡᠶᠢᠭᠡᠮ ᠲᠣᠭᠤᠷᠢᠭ ᠲᠠᠢ᠃ ᠪᠣᠣ ᠭᠠᠩ ᠶᠢᠨ ᠬᠠᠢ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ ᠦᠨᠳᠦᠰᠦᠨ ᠱᠠᠲᠤᠨ ᠤ ᠬᠠᠪᠳᠠᠭᠠᠶᠢᠵᠢᠭᠰᠠᠨ ᠵᠠᠰᠠᠯᠲᠠ ᠶᠢᠨ ᠵᠢᠯᠤᠭᠤᠳᠬᠤ ᠲᠥᠪ ᠪᠣᠯᠣᠨ ᠬᠡᠷᠡᠭ ᠡᠷᠬᠢᠯᠡᠬᠦ ᠴᠣᠩᠬᠤᠨ ᠳᠤ ᠬᠦᠷᠴᠦ᠂ ᠠᠵᠢᠯᠲᠠᠨ ᠤ ᠲᠣᠬᠢᠷᠠᠭᠤᠯᠤᠯᠲᠠ᠂ ᠴᠣᠩᠬᠤ ᠶᠢᠨ ᠲᠣᠬᠢᠷᠠᠭᠤᠯᠤᠯᠲᠠ᠂ ᠪᠠᠷᠢᠮᠲᠠ ᠮᠠᠲ᠋ᠧᠷᠢᠶᠠᠯ ᠢ ᠭᠥᠯᠢᠶᠡᠨ ᠠᠪᠴᠤ ᠰᠢᠢᠳᠪᠦᠷᠢᠯᠡᠬᠦ ᠵᠢᠴᠢ ᠵᠢᠷᠤᠮᠵᠢᠭᠰᠠᠨ ᠬᠠᠮᠢᠶᠠᠷᠤᠯᠲᠠ ᠶᠢᠨ ᠳᠦᠷᠢᠮ ᠤᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠴᠢᠬᠤᠯᠠᠴᠢᠯᠠᠬᠤ ᠳᠠᠭᠠᠨ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠤᠳᠠ ᠶᠢᠨ ᠬᠡᠪᠴᠢᠶᠡᠨ ᠤ ᠣᠳᠣᠬᠢᠴᠢᠯᠠᠯᠲᠠ ᠶᠢᠨ ᠵᠠᠰᠠᠯᠲᠠ ᠶᠢᠨ ᠰᠢᠨ᠎ᠡ ᠱᠠᠭᠠᠷᠳᠠᠯᠭ᠎ᠠ ᠳᠤ ᠰᠠᠭᠤᠷᠢᠯᠠᠨ᠂ ᠬᠠᠪᠲᠠᠭᠠᠶᠢᠷᠠᠭᠤᠯᠤᠨ ᠵᠠᠰᠠᠬᠤ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠥᠨᠳᠥᠷ ᠪᠦᠲᠦᠮᠵᠢᠲᠡᠢ ᠨᠡᠶᠢᠭᠡᠮ ᠤᠨ ᠵᠠᠰᠠᠯᠲᠠ ᠶᠢᠨ ᠪᠠᠶᠢᠭᠤᠯᠤᠮᠵᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠢᠰᠲ᠋ᠧᠮ ᠲᠠᠢ ᠵᠠᠰᠠᠬᠤ᠂ ᠬᠠᠤᠯᠢ ᠶᠣᠰᠣᠭᠠᠷ ᠵᠠᠰᠠᠬᠤ᠂ ᠶᠡᠷᠦᠩᠬᠡᠶᠢᠯᠡᠨ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠨᠡᠶᠢᠭᠡᠮᠴᠢᠯᠡᠬᠦ᠂ ᠬᠠᠤᠯᠢᠵᠢᠬᠤ᠂ ᠣᠶᠤᠨᠴᠢᠯᠠᠬᠤ᠂ ᠲᠤᠰᠬᠠᠶᠢᠵᠢᠬᠤ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠵᠡᠢ᠃      ᠶᠢᠨ ᠬᠠᠢ ᠵᠠᠮ ᠢ ᠳᠡᠭᠡᠭᠰᠢᠯᠡᠭᠦᠯᠦᠨ ᠥᠭᠡᠷᠡᠴᠢᠯᠡᠬᠦ ᠪᠠᠷᠢᠯᠭ᠎ᠠ ᠨᠢ ᠲᠦᠭᠵᠢᠷᠡᠯ ᠢ ᠨᠠᠮᠳᠠᠭᠤᠯᠬᠤ᠂ ᠬᠤᠲᠠ ᠶᠢᠨ  ᠴᠢᠳᠠᠮᠵᠢ ᠲᠠᠰ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠪᠣᠣ ᠭᠠᠩ  ᠵᠠᠮ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠲᠦᠷᠦᠯ ᠵᠦᠢᠯ ᠤᠨ ᠲᠡᠷᠭᠡ ᠨᠡᠪᠲᠡᠷᠡᠬᠦ ᠴᠠᠭ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠲᠡᠰ ᠳᠡᠪᠰᠢᠭᠦᠯᠦᠨ ᠥᠭᠡᠷᠡᠴᠢᠯᠡᠭᠰᠡᠨ ᠪᠠᠶᠢᠳᠠᠯ ᠢ ᠨᠠᠷᠢᠨ ᠣᠶᠢᠯᠠᠭᠠᠵᠤ᠂ ᠪᠠᠷᠢᠯᠭ᠎ᠠ ᠶᠢᠨ ᠠᠵᠢᠯ ᠤᠨ ᠰᠢᠵᠢᠷ ᠠᠯᠳᠠᠨ ᠬᠤᠭᠤᠴᠠᠭ᠎ᠠ ᠶᠢ ᠠᠮᠵᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠵᠠᠮ ᠳᠠᠭᠠᠤ ᠶᠢᠨ ᠨᠣᠭᠤᠭᠠᠷᠠᠭᠤᠯᠤᠯᠲᠠ ᠭᠤᠶᠣᠵᠢᠭᠤᠯᠤᠯᠲᠠ ᠶᠢ ᠵᠡᠷᠭᠡᠪᠡᠷ ᠳᠡᠭᠡᠭᠰᠢᠯᠡᠭᠦᠯᠵᠦ᠂ ᠰᠠᠶᠢᠨ ᠴᠢᠨᠠᠷ ᠴᠢᠨᠰᠠᠭ᠎ᠠ᠂ ᠥᠨᠳᠥᠷ ᠪᠠᠷᠢᠮᠵᠢᠶ᠎ᠠ ᠶᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ ᠲᠣᠭᠲᠠᠭᠰᠠᠨ ᠬᠤᠭᠤᠴᠠᠭᠠᠨ ᠳᠤ ᠲᠡᠷᠭᠡ ᠨᠡᠪᠲᠡᠷᠡᠬᠦ ᠶᠢ ᠪᠠᠲᠤᠯᠠᠵᠤ᠂ ᠤᠯᠠᠨ ᠲᠦᠮᠡᠨ ᠤ ᠶᠠᠪᠤᠵᠤ ᠰᠠᠭᠤᠬᠤ ᠳᠤ ᠲᠦᠬᠦᠮ ᠦᠵᠡᠭᠦᠯᠬᠦ ᠬᠡᠷᠡᠭᠲᠡᠢ ᠭᠡᠵᠦ ᠱᠠᠭᠠᠷᠳᠠᠪᠠ᠃      ᠲᠤᠰ ᠡᠳᠦᠷ ᠲᠤ᠂ ᠪᠣᠣ ᠭᠠᠩ ᠪᠠᠰᠠ ᠰᠢᠨ᠎ᠡ ᠬᠤᠲᠠ ᠲᠣᠭᠤᠷᠢᠭ ᠤᠨ ᠰᠢᠷᠤᠢ ᠲᠣᠰᠬᠤᠨ᠂ ᠬᠠᠯᠠᠭᠠᠢ ᠲᠣᠰᠬᠤᠨ ᠳᠤ ᠭᠦᠨᠵᠡᠭᠡᠶᠢᠷᠡᠵᠦ᠂ ᠬᠥᠳᠡᠭᠡ ᠲᠣᠰᠬᠤᠨ ᠤ ᠣᠷᠴᠢᠨ ᠠᠬᠤᠢ ᠶᠢ ᠴᠡᠭᠴᠡᠯᠡᠨ ᠵᠠᠰᠠᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠴᠢᠨᠠᠷᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃      ᠬᠤᠳᠠ ᠶᠢᠨ ᠤᠳᠤᠷᠢᠳᠤᠯᠭ᠎ᠠ ᠼᠤᠤ ᠰᠧ ᠶᠠᠩ᠂ ᠯᠢᠦ ᠴᠧᠩ ᠮᠢᠨ᠂ ᠸᠧᠢ ᠬᠤᠩ ᠵᠢᠶᠦ᠋ᠨ᠂ ᠯᠢᠦ ᠵᠢᠢ ᠶᠢᠩ ᠵᠢᠴᠢ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ