2021 ᠣᠨ ᠤ ᠪᠥᠬᠦ ᠤᠯᠤᠰ ᠤᠨ ᠯᠧᠢ ᠹᠧᠩ ᠠᠴᠠ ᠲᠠᠭᠠᠨ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ︽ᠳᠥᠷᠪᠡᠨ 100︾ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠤᠬᠠᠭᠤᠯᠤᠨ ᠰᠣᠩᠭᠤᠬᠤ ᠠᠵᠢᠯᠯᠠᠭ᠎ᠠ ᠶᠢᠨ ᠦᠷ᠎ᠡ ᠳ᠋ᠦᠩ ᠢ ᠨᠡᠶᠢᠲᠡᠯᠡᠪᠡ  ᠮᠠᠨ ᠤ ᠬᠤᠲᠠ ᠶᠢᠨ 2 ᠲᠡᠷᠢᠭᠦᠨ ᠤ ᠨᠡᠶᠢᠲᠡᠯᠢᠭ ᠵᠢᠱᠢᠶ᠎ᠡ ᠰᠣᠩᠭᠤᠭᠳᠠᠪᠠ
ᠨᠡᠶᠢᠲᠡᠯᠡᠭᠰᠡᠨ ᠴᠠᠭ᠄
2022/5/17
      ︵ᠰᠤᠷᠪᠤᠯᠵᠢᠯᠠᠭᠴᠢ ᠸᠠᠩ ᠵᠥᠩ ᠵᠧᠦ︶ ᠣᠶᠢᠷ᠎ᠠ ᠳᠤ᠂ ᠲᠥᠪ ᠤᠨ ᠤᠬᠠᠭᠤᠯᠬᠤ ᠬᠡᠯᠲᠡᠰ᠂ ᠲᠥᠪ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠵᠡᠷᠭᠡ ᠰᠠᠯᠠᠭ᠎ᠠ ᠮᠥᠴᠢᠷ ᠪᠣᠯᠣᠨ ᠨᠢᠭᠡᠴᠡ ᠶᠢᠨ ᠬᠠᠮᠲᠤᠷᠠᠨ ᠵᠣᠬᠢᠶᠠᠨ ᠪᠠᠶᠢᠭᠤᠯᠵᠤ ᠥᠷᠨᠢᠭᠦᠯᠦᠭᠰᠡᠨ 2021 ᠣᠨ ᠤ ᠪᠥᠬᠦ ᠤᠯᠤᠰ ᠤᠨ ᠯᠧᠢ ᠹᠧᠩ ᠠᠴᠠ ᠲᠠᠭᠠᠨ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ︽ᠳᠥᠷᠪᠡᠨ 100︾ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠤᠬᠠᠭᠤᠯᠤᠨ ᠰᠣᠩᠭᠤᠬᠤ ᠠᠵᠢᠯᠯᠠᠭ᠎ᠠ ᠶᠢᠨ ᠦᠷ᠎ᠡ ᠳ᠋ᠦᠩ ᠢ ᠨᠡᠶᠢᠲᠡᠯᠡᠪᠡ᠃ ᠮᠠᠨ ᠤ ᠬᠤᠲᠠ ᠶᠢᠨ 2 ᠲᠡᠷᠢᠭᠦᠨ ᠤ ᠨᠡᠶᠢᠲᠡᠯᠢᠭ ᠵᠢᠱᠢᠶ᠎ᠡ ᠰᠣᠩᠭᠤᠭᠳᠠᠪᠠ᠃      ᠲᠠᠳᠠ ᠪᠣᠯ ᠲᠣᠰ ᠲᠣᠰ᠄ ᠬᠥᠬᠡᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠥᠷᠥᠰᠢᠶᠡᠯ ᠬᠠᠶᠢᠷᠠᠲᠤ ᠡᠵᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠬᠤ ᠠᠩᠭᠢ ︽ᠬᠠᠮᠤᠭ ᠤᠨ ᠰᠠᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ︾ ᠶᠢᠨ ᠠᠯᠳᠠᠷ ᠢ ᠭᠥᠷᠳᠡᠪᠡ︔ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠲᠦᠩ ᠳ᠋ᠣᠣ ᠵᠡᠭᠡᠯᠢ ᠭᠤᠳᠤᠮᠵᠢ ᠶᠢᠨ ᠰᠠᠨ ᠱᠦᠨ ᠳ᠋ᠢᠶᠠᠨ ᠨᠡᠶᠢᠭᠡᠮ ᠲᠣᠭᠤᠷᠢᠭ ︽ᠬᠠᠮᠤᠭ ᠤᠨ ᠭᠤᠶᠤ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠭᠡᠮ ᠲᠣᠭᠤᠷᠢᠭ︾ ᠢᠶᠠᠷ ᠦᠨᠡᠯᠡᠭᠳᠡᠪᠡ᠃      ᠣᠶᠢᠯᠠᠭᠠᠭᠰᠠᠨ ᠢᠶᠠᠷ᠂ 2021 ᠣᠨ ᠤ ᠪᠥᠬᠦ ᠤᠯᠤᠰ ᠤᠨ ᠯᠧᠢ ᠹᠧᠩ ᠠᠴᠠ ᠲᠠᠭᠠᠨ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ︽ᠳᠥᠷᠪᠡᠨ 100︾ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠤᠬᠠᠭᠤᠯᠤᠨ ᠰᠣᠩᠭᠤᠬᠤ ᠠᠵᠢᠯᠯᠠᠭ᠎ᠠ ᠪᠣᠯ 2021 ᠣᠨ ᠤ 10 ᠳ᠋ᠤᠭᠠᠷ ᠰᠠᠷ᠎ᠠ ᠠᠴᠠ 2022 ᠣᠨ ᠤ 3 ᠳ᠋ᠤᠭᠠᠷ ᠰᠠᠷ᠎ᠠ ᠪᠣᠯᠲᠠᠯᠠᠬᠢ ᠬᠤᠭᠤᠴᠠᠭᠠᠨ ᠳᠤ ᠲᠥᠪ ᠬᠤᠷᠢᠶᠠᠨ ᠤ ᠤᠬᠠᠭᠤᠯᠬᠤ ᠬᠡᠯᠲᠡᠰ᠂ ᠲᠥᠪ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠵᠡᠷᠭᠡ ᠰᠠᠯᠠᠭ᠎ᠠ ᠮᠥᠴᠢᠷ ᠪᠠ ᠨᠢᠭᠡᠴᠡ ᠶᠢᠨ ᠪᠦᠬᠦ ᠤᠯᠤᠰ ᠤᠨ ᠬᠡᠪᠴᠢᠶᠡᠨ ᠳᠤ ᠥᠷᠨᠢᠭᠦᠯᠦᠭᠰᠡᠨ ᠠᠵᠢᠯᠯᠠᠭ᠎ᠠ ᠪᠣᠯᠣᠨ᠎ᠠ᠂ ᠨᠡᠶᠢᠳᠡ 100 ᠬᠠᠮᠤᠭ ᠤᠨ ᠭᠤᠶᠤ ᠰᠠᠶᠢᠨ ᠳᠤᠷ᠎ᠠ ᠶᠢᠨ ᠦᠢᠯᠡᠴᠢᠯᠡᠭᠴᠢ᠂ 100 ᠬᠠᠮᠤᠭ ᠤᠨ ᠰᠠᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ 100 ᠬᠠᠮᠤᠭ ᠤᠨ ᠰᠠᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠰᠥᠯ ᠪᠠ 100 ᠬᠠᠮᠤᠭ ᠤᠨ ᠭᠤᠶᠣ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠭᠡᠮ ᠲᠣᠭᠤᠷᠢᠭ ᠢ ᠤᠬᠠᠭᠤᠯᠤᠨ ᠰᠣᠩᠭᠤᠨ ᠭᠠᠷᠭᠠᠵᠠᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ