ᠪᠦᠬᠦ ᠬᠤᠲᠠ ᠶᠢᠨ ᠶᠡᠷᠦᠩᠬᠡᠢ ᠱᠦᠵᠢ ᠰᠢ ᠶᠢᠨ ᠫᠢᠩ ᠤᠨ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠬᠤ ᠪᠠ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠨᠢᠭᠡᠳᠦᠮᠡᠯ ᠹᠷᠣᠨᠲ ᠤᠨ ᠠᠵᠢᠯ ᠤᠨ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠬᠦ ᠪᠣᠯᠪᠠᠰᠤᠷᠠᠯ ᠤᠨ ᠠᠩᠭᠢ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2022/5/17
      ︵ᠰᠤᠷᠪᠤᠯᠵᠢᠯᠠᠭᠴᠢ ᠯᠢᠦᠢ ᠬᠤᠢ ᠱᠧᠩ︶ 5 ᠳ᠋ᠤᠭᠠᠷ ᠰᠠᠷ᠎ᠠ ᠶᠢᠨ 16 ᠤ ᠡᠳᠦᠷ᠂ ᠪᠦᠬᠦ ᠬᠤᠲᠠ ᠶᠢᠨ ᠶᠡᠷᠦᠩᠬᠡᠢ ᠱᠦᠵᠢ ᠰᠢ ᠶᠢᠨ ᠫᠢᠩ ᠤᠨ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠬᠤ ᠪᠠ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠨᠢᠭᠡᠳᠦᠮᠡᠯ ᠹᠷᠣᠨᠲ ᠤᠨ ᠠᠵᠢᠯ ᠤᠨ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠬᠦ ᠪᠣᠯᠪᠠᠰᠤᠷᠠᠯ ᠤᠨ ᠠᠩᠭᠢ ᠬᠢᠴᠢᠶᠡᠯ ᠡᠬᠢᠯᠡᠪᠡ᠃      ᠥᠪᠥᠷ ᠮᠣᠩᠭᠤᠯ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠵᠣᠣ ᠵᠢᠩ ᠬᠤᠸᠠ ᠪᠣᠯᠪᠠᠰᠤᠷᠠᠯ ᠡᠬᠢᠯᠡᠬᠦ ᠨᠢᠭᠡᠳᠦᠭᠡᠷ ᠬᠢᠴᠢᠶᠡᠯ ᠢ ᠣᠷᠣᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠭᠧ ᡁᠢ ᠮᠢᠨ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠠᠨ ᠹᠧᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠤᠸ ᠵᠧᠨ ᠸᠧᠢ᠂ ᠰᠦᠥᠸ᠋ ᠶᠢᠩ ᠵᠢᠶᠦ᠋ᠨ᠂ ᠪᠠᠭᠠᠲᠤᠷ ᠪᠣᠯᠪᠠᠰᠤᠷᠠᠯ ᠳᠤ ᠣᠷᠣᠯᠴᠠᠪᠠ᠃      ᠭᠧ ᡁᠢ ᠮᠢᠨ ᠴᠢᠬᠤᠯᠠᠴᠢᠯᠠᠬᠤ ᠳᠠᠭᠠᠨ᠂ ᠪᠦᠬᠦ ᠬᠤᠳᠠ ᠶᠢᠨ ᠨᠢᠭᠡᠳᠦᠮᠡᠯ ᠹᠷᠣᠨᠲ ᠤᠨ ᠬᠢᠨ ᠴᠠᠭ ᠢᠮᠠᠭᠲᠠ ︽ᠤᠯᠤᠰ ᠤᠨ ᠶᠡᠭᠡ ᠶᠠᠪᠤᠳᠠᠯ︾ ᠢ ᠪᠤᠳᠤᠵᠤ᠂ ᠰᠤᠷᠤᠯᠴᠠᠯᠭ᠎ᠠ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠰᠠᠭᠤᠷᠢ ᠶᠢ ᠪᠠᠬᠢᠵᠢᠭᠦᠯᠬᠦ ᠶᠢ ᠪᠠᠷᠢᠮᠲᠠᠯᠠᠵᠤ ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠴᠢᠳᠠᠪᠤᠷᠢ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠰᠤᠷᠬᠤ ᠪᠠ ᠬᠡᠷᠡᠭᠯᠡᠬᠦ ᠶᠢ ᠤᠶᠠᠯᠳᠤᠭᠤᠯᠵᠤ᠂ ᠣᠷᠣᠨ ᠤ ᠲᠥᠪ ᠬᠤᠲᠠ ᠶᠢᠨ ᠨᠢᠭᠡᠳᠦᠮᠡᠯ ᠹᠷᠣᠨᠲ ᠤᠨ ᠠᠵᠢᠯ ᠤᠨ ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ ᠶᠢ ᠴᠢᠨᠠᠷᠲᠠᠢ ᠲᠦᠯᠬᠢᠨ ᠠᠬᠢᠭᠤᠯᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠨᠢᠭᠡᠳᠦᠮᠡᠯ ᠹᠷᠣᠨᠲ ᠤᠨ ᠦᠵᠡᠯ ᠰᠠᠨᠠᠭ᠎ᠠ ᠤᠯᠤᠰ ᠲᠥᠷᠥ ᠶᠢᠨ ᠰᠠᠭᠤᠷᠢ ᠳᠡᠭᠡᠷ᠎ᠡ ᠬᠦᠴᠦ ᠲᠠᠯᠪᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠶᠢ ᠪᠠᠷᠢᠮᠲᠠᠯᠠᠨ᠂ ᠰᠠᠨᠠᠭᠠᠴᠢᠯᠠᠭ᠎ᠠ ᠠᠴᠠ ᠪᠠᠨ ᠶᠡᠭᠡ ᠲᠠᠯ᠎ᠠ ᠳᠤ ᠦᠢᠯᠡᠴᠢᠯᠡᠵᠦ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠨ᠂ ᠠᠶᠤᠯ ᠲᠦᠭᠰᠢᠭᠦᠷᠢ ᠶᠢᠨ ᠭᠡᠮ ᠰᠣᠭᠤᠭ ᠢ ᠰᠡᠷᠭᠡᠶᠢᠯᠡᠨ ᠠᠷᠢᠯᠭᠠᠵᠤ᠂ ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠤᠷᠲᠠᠯ ᠲᠥᠪ ᠴᠢᠩᠭ᠎ᠠ ᠨᠢᠭᠡᠳᠦᠮᠡᠯ ᠹᠷᠣᠨᠲ ᠤᠨ ᠺᠠᠳ᠋ᠷ ᠤᠨ ᠡᠩᠨᠡᠭᠡ ᠶᠢ ᠪᠠᠶᠢᠭᠤᠯᠵᠤ᠂ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠲᠤᠬᠠᠢ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠬᠡᠷᠡᠭᠲᠡᠢ ᠭᠡᠵᠡᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠬᠥᠮᠦᠵᠢᠯ ᠪᠣᠯᠪᠠᠰᠤᠷᠠᠯ ᠤᠨ ᠭᠠᠵᠠᠷ ᠤᠨ ᠬᠠᠷᠢᠭᠤᠴᠠᠯᠭᠠᠲᠠᠨ  ︽ᠬᠤᠶᠠᠷ ᠶᠡᠭᠡ ᠲᠠᠯ᠎ᠠ︾ ᠶᠢ ᠪᠣᠳᠣᠯᠬᠢᠯᠠᠨ᠂ ᠤᠯᠤᠰ ᠲᠦᠷᠦ ᠶᠢᠨ ᠴᠢᠭᠯᠡᠯ ᠢ ᠣᠨᠣᠪᠴᠢᠲᠠᠢ ᠡᠵᠡᠮᠰᠢᠬᠦ ᠪᠠ ᠨᠢᠭᠡᠳᠦᠮᠡᠯ ᠹᠷᠣᠨᠲ ᠤᠨ ᠤᠬᠠᠮᠰᠠᠷ ᠢ ᠴᠢᠩᠭᠠᠳᠬᠠᠬᠤ ᠭᠤᠷᠪᠠᠨ ᠲᠠᠯ᠎ᠠ ᠠᠴᠠ ︽ᠰᠤᠷᠭᠠᠨ ᠬᠥᠮᠦᠵᠢᠯ ᠢ ᠦᠨᠳᠦᠰᠦᠨ ᠱᠠᠲᠤᠨ ᠳᠤ ᠬᠦᠷᠭᠡᠬᠦ︾ ᠪᠣᠯᠪᠠᠰᠤᠷᠠᠯ ᠤᠨ ᠠᠵᠢᠯᠯᠠᠭ᠎ᠠ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠱᠠᠭᠠᠷᠳᠠᠯᠭ᠎ᠠ ᠶᠢ ᠲᠣᠳᠣᠷᠬᠠᠶᠢᠯᠠᠨ ᠴᠢᠬᠤᠯᠠᠴᠢᠯᠠᠪᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠪᠣᠯᠪᠠᠰᠤᠷᠠᠭᠤᠯᠤᠯ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠥᠪᠥᠷ ᠮᠣᠩᠭᠤᠯ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠬᠥᠬᠡᠬᠤᠲᠠ ᠳᠤ ᠢᠷᠡᠵᠦ ︽ᠰᠤᠷᠭᠠᠨ ᠬᠥᠮᠦᠵᠢᠯ ᠢ ᠦᠨᠳᠦᠰᠦᠨ ᠱᠠᠲᠤᠨ ᠳᠤ ᠬᠦᠷᠭᠡᠬᠦ︾ ᠠᠵᠢᠯᠯᠠᠭ᠎ᠠ ᠥᠷᠨᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ