︽ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/5/17
      ᠨᠢᠭᠡ᠂ ︽ᠰᠠᠨᠠᠯ︾ ᠢ ᠲᠣᠭᠲᠠᠭᠠᠭᠰᠠᠨ ᠦᠨᠳᠦᠰᠦᠯᠡᠯ ᠪᠠ ᠶᠠᠪᠤᠴᠠ      ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠨᠡᠭᠡᠭᠡᠯᠲᠡᠲᠤ ᠬᠡᠯᠪᠡᠷᠢ ᠶᠢᠨ ᠠᠵᠤ ᠠᠬᠤᠢ ᠶᠢᠨ ᠲᠠᠪᠴᠠᠩ ᠤᠨ ᠴᠢᠳᠠᠮᠵᠢ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠬᠤᠲᠠ ᠶᠢᠨ ᠭᠠᠳᠠᠭᠠᠳᠤ ᠠᠷᠠᠯᠵᠢᠶ᠎ᠠ ᠶᠢᠨ ᠬᠥᠭᠵᠢᠯᠲᠡ ᠪᠠ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠤᠰᠠᠳᠠ᠂ ︽ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠥᠨᠳᠥᠷ ᠬᠢᠷᠢ ᠲᠦᠪᠰᠢᠨ ᠲᠠᠢ ᠨᠡᠭᠡᠭᠡᠯᠲᠡ ᠬᠢᠵᠦ ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠤᠳ︾ ︵ᠲᠥᠷᠥ ᠲᠠᠷᠬᠠᠭᠠᠭᠰᠠᠨ ﹇2019﹈ 3 ᠳ᠋ᠤᠭᠠᠷ ᠲᠣᠭᠠᠲᠤ︶ ᠢ ᠦᠨᠳᠦᠰᠦᠯᠡᠨ᠂ ᠮᠠᠨ ᠤ ᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ︽ᠰᠠᠨᠠᠯ︾ ᠢ ᠲᠣᠭᠲᠠᠭᠠᠪᠠ᠃      ᠬᠤᠶᠠᠷ᠂ ︽ᠰᠠᠨᠠᠯ︾ ᠤᠨ ᠭᠤᠣᠯ ᠠᠭᠤᠯᠭ᠎ᠠ      ︽ᠰᠠᠨᠠᠯ︾ ᠨᠢ ᠶᠡᠷᠦᠩᠬᠡᠢ ᠱᠠᠭᠠᠷᠳᠠᠯᠭ᠎ᠠ᠂ ᠭᠤᠣᠯ ᠡᠭᠦᠷᠭᠡ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠳᠥᠷᠪᠡᠨ ᠬᠡᠰᠡᠭ ᠢᠶᠠᠷ ᠪᠦᠷᠢᠯᠳᠦᠪᠡ᠃      ᠨᠢᠭᠡᠳᠦᠭᠡᠷ ᠬᠡᠰᠡᠭ ᠨᠢ ᠶᠡᠷᠦᠩᠬᠡᠢ ᠱᠠᠭᠠᠷᠳᠠᠯᠭ᠎ᠠ ᠪᠣᠯᠣᠨ᠎ᠠ᠂ ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠴᠢᠳᠠᠮᠵᠢ ᠶᠢᠨ ᠪᠠᠶᠢᠷᠢ ᠲᠣᠭᠲᠠᠭᠠᠯᠲᠠ᠂ ᠬᠥᠭᠵᠢᠯᠲᠡ ᠶᠢᠨ ᠬᠠᠷᠠᠯᠲᠠ ᠵᠡᠷᠭᠡ ᠲᠦᠷᠪᠡᠨ ᠠᠭᠤᠯᠭ᠎ᠠ ᠪᠠᠷ ᠪᠦᠷᠢᠯᠳᠦᠪᠡ᠃      ᠵᠢᠯᠤᠭᠤᠳᠬᠤ ᠦᠵᠡᠯ ᠰᠠᠨᠠᠭ᠎ᠠ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠱᠠᠭᠠᠷᠳᠠᠯᠭ᠎ᠠ ᠳᠤ ᠰᠠᠭᠤᠷᠢᠯᠠᠨ᠂ ᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠣᠷᠣᠰ ᠮᠣᠩᠭᠤᠯ ᠡᠸᠦ᠋ᠷᠦᠫᠡ ᠳᠤ ᠬᠠᠨᠳᠤᠭᠤᠯᠤᠭᠰᠠᠨ ︽ᠭᠠᠳᠠᠭᠠᠳᠤ ᠨᠡᠭᠡᠭᠡᠯᠲᠡ ᠶᠢᠨ ᠴᠠᠭᠠᠷᠢᠭ︾ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠭᠤᠣᠯ ᠵᠠᠩᠭᠢᠯᠠᠭ᠎ᠠ ᠶᠢᠨ ᠴᠡᠭ ᠢ ᠴᠤᠭᠴᠠᠯᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠲᠣᠭᠲᠠᠴᠠ᠂ ᠰᠢᠨᠵᠢᠯᠡᠬᠦ ᠤᠬᠠᠭᠠᠨ ᠮᠡᠷᠭᠡᠵᠢᠯ ᠪᠣᠯᠣᠨ ᠠᠵᠤ ᠦᠢᠯᠡᠰ ᠤᠨ ᠠᠮᠢ ᠠᠬᠤᠢ ᠭᠤᠷᠪᠠ ᠳᠤ ᠰᠢᠨ᠎ᠡ  ᠶᠢ ᠡᠭᠦᠳᠬᠦ ᠶᠢ ᠠᠬᠢᠭᠤᠯᠵᠤ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠴᠢᠯᠦᠭᠡᠲᠦ ᠠᠷᠠᠯᠵᠢᠶ᠎ᠠ ᠶᠢᠨ ᠲᠤᠷᠰᠢᠯᠭ᠎ᠠ ᠶᠢ ᠬᠠᠭᠤᠯᠪᠤᠷᠢᠯᠠᠬᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ ᠣᠢ ᠤᠬᠠᠭᠠᠨ ᠣᠷᠣᠭᠤᠯᠬᠤ᠂  ᠣᠷᠣᠨ ᠲᠡᠪᠰᠢᠬᠦ ᠪᠠᠷ ᠴᠢᠷᠮᠠᠶᠢᠵᠤ ᠲᠡᠰ ᠳᠡᠪᠰᠢᠬᠦ᠂ ᠬᠦᠷᠢᠶᠡᠯᠡᠩ ᠲᠣᠭᠤᠷᠢᠭ ᠤᠨ ᠴᠢᠳᠠᠮᠵᠢ ᠶᠢ ᠥᠷᠭᠡᠳᠬᠡᠬᠦ ᠲᠠᠪᠤᠨ ᠰᠢᠰᠲ᠋ᠧᠮᠲᠦ ᠢᠨᠵᠧᠨᠧᠷᠢᠩ ᠢ ᠬᠡᠷᠡᠭᠵᠢᠭᠦᠯᠵᠦ᠂ ᠣᠷᠣᠨ ᠤ ᠲᠥᠪ ᠤᠨ ᠭᠠᠳᠠᠭᠠᠳᠤ ᠨᠡᠭᠡᠭᠡᠯᠲᠡ ᠶᠢᠨ ᠬᠤᠰᠢᠭᠤᠴᠢ ᠣᠷᠣᠨ᠂ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠬᠠᠮᠤᠭ ᠤᠨ ᠰᠠᠶᠢᠨ ᠣᠷᠣᠨ ᠪᠠ ᠲᠣᠭᠲᠠᠴᠠ ᠶᠢᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠪᠣᠶᠢᠵᠢᠭᠤᠯᠵᠤ᠂ ᠡᠬᠡ ᠤᠯᠤᠰ ᠤᠨ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢᠨ ᠴᠢᠬᠤᠯᠠ ᠲᠤᠯᠬᠤ ᠴᠡᠭ ᠢ ᠴᠢᠷᠮᠠᠶᠢᠨ ᠪᠠᠶᠢᠭᠤᠯᠬᠤ ᠬᠥᠭᠵᠢᠯᠲᠡ ᠶᠢᠨ ᠤᠳᠤᠷᠢᠳᠤᠮᠵᠢ ᠶᠢ ᠲᠤᠷᠠᠳᠤᠨ ᠭᠠᠷᠭᠠᠪᠠ᠃       ᠪᠠᠷᠢᠮᠳᠠᠯᠠᠬᠤ ᠦᠨᠳᠦᠰᠦᠨ ᠵᠠᠷᠴᠢᠮ ᠨᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠪᠣᠬᠢᠷᠳᠤᠯ ᠦᠭᠡᠢ ᠪᠠᠷ ᠬᠥᠭᠵᠢᠭᠦᠯᠬᠦ︔ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠷᠴᠢᠨ ᠲᠣᠭᠤᠷᠢᠨ ᠢ ᠰᠢᠯᠢᠳᠡᠭᠵᠢᠬᠦᠯᠬᠦ︔ ᠲᠡᠷᠢᠭᠦᠨ ᠤ ᠬᠢ ᠲᠠᠢ ᠬᠠᠷᠢᠴᠠᠭᠤᠯᠵᠤ᠂ ᠨᠡᠭᠡᠭᠡᠯᠲᠡ ᠪᠠᠷ ᠬᠥᠲᠥᠯᠥᠨ  ᠳᠠᠭᠠᠭᠤᠯᠬᠤ︔ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠵᠤ᠂ ᠵᠠᠰᠠᠭ ᠤᠨ ᠣᠷᠳᠣᠨ ᠠᠴᠠ ᠠᠬᠢᠭᠤᠯᠬᠤ ᠵᠡᠷᠭᠡ ᠲᠦᠷᠪᠡᠨ ᠵᠠᠷᠴᠢᠮ ᠪᠣᠯᠤᠨ᠎ᠠ᠃      ᠴᠢᠳᠠᠮᠵᠢ ᠶᠢᠨ ᠪᠠᠶᠢᠷᠢ ᠲᠣᠭᠲᠠᠭᠠᠯᠲᠠ ᠨᠢ ︽ᠥᠪᠥᠷ ᠮᠣᠩᠭᠤᠯ ᠤᠨ ᠬᠥᠬᠡᠬᠤᠲᠠ ᠶᠢᠨ ᠭᠠᠳᠠᠭᠠᠳᠤ ᠭᠠᠷᠭᠠᠯᠲᠠ ᠶᠢᠨ ᠡᠳ᠋ᠰᠢᠭᠦᠯᠦᠨ ᠪᠣᠯᠪᠠᠰᠤᠷᠠᠭᠤᠯᠬᠤ ᠣᠷᠣᠨ ᠢ ᠨᠡᠶᠢᠯᠡᠭᠦᠯᠦᠨ ᠰᠢᠯᠢᠳᠡᠭᠵᠢᠬᠦᠯᠵᠦ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠪᠣᠯᠭᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠴᠣᠬᠤᠯᠠᠪᠤᠷᠢ︾ ︵ᠲᠥᠷᠥ ᠵᠠᠬᠢᠳᠠᠯ ﹇2018﹈ 113 ᠳ᠋ᠤᠭᠠᠷ ᠲᠣᠭᠠᠲᠤ︶ ᠳᠠᠬᠢ ︽ᠭᠠᠶᠢᠯᠢ ᠪᠠᠲᠤᠯᠠᠬᠤ ᠡᠳ᠋ᠰᠢᠭᠦᠯᠦᠨ ᠪᠣᠯᠪᠠᠰᠤᠷᠠᠭᠤᠯᠤᠯᠲᠠ᠂ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡ᠂ ᠭᠠᠶᠢᠯᠢ ᠪᠠᠲᠤᠯᠠᠬᠤ ᠦᠢᠯᠡᠴᠢᠯᠡᠭᠡ ᠶᠢ ᠬᠦᠭᠵᠢᠬᠦᠯᠬᠦ︾ ᠠᠵᠤ ᠦᠢᠯᠡᠰ ᠤᠨ ᠪᠠᠶᠢᠷᠢ ᠲᠣᠭᠲᠠᠭᠠᠯᠲᠠ ᠪᠠ ︽ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠥᠨᠳᠥᠷ ᠬᠢᠷᠢ ᠲᠦᠪᠰᠢᠨ ᠲᠠᠢ ᠨᠡᠭᠡᠭᠡᠯᠲᠡ ᠬᠢᠵᠦ ᠴᠢᠨᠠᠷ ᠰᠠᠶᠢᠲᠠᠢ ᠬᠦᠭᠵᠢᠬᠦ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ︵ᠲᠥᠷᠥ ᠲᠠᠷᠬᠠᠭᠠᠭᠰᠠᠨ ﹇2019﹈ 3 ᠳ᠋ᠤᠭᠠᠷ ᠲᠣᠭᠠᠲᠤ︶ ᠲᠠᠬᠢ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ︽ᠲᠠᠪᠤᠨ ᠶᠡᠭᠡ ᠲᠥᠪ︾ ︵ᠡᠳ᠋ᠰᠢᠭᠦᠯᠦᠨ ᠪᠣᠯᠪᠠᠰᠤᠷᠠᠭᠤᠯᠵᠤ ᠦᠶᠯᠡᠳᠬᠦ ᠲᠥᠪ᠂ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ ᠲᠥᠪ᠂ ᠪᠠᠷᠠᠭᠠᠨ ᠤ ᠭᠦᠢᠯᠭᠡᠭᠡᠨ ᠤ ᠬᠤᠪᠢᠶᠠᠷᠢᠯᠠᠨ ᠰᠠᠯᠭᠠᠬᠤ ᠲᠥᠪ᠂ ᠪᠠᠶᠢᠴᠠᠭᠠᠨ ᠬᠡᠮᠵᠢᠵᠦ ᠰᠡᠯᠪᠢᠨ ᠵᠠᠰᠠᠬᠤ ᠲᠥᠪ᠂ ᠪᠣᠷᠤᠯᠠᠭᠤᠯᠭ᠎ᠠ ᠶᠢᠨ ᠦᠢᠯᠡᠴᠢᠯᠡᠭᠡᠨ ᠤ ᠲᠥᠪ︶ ᠢ ᠬᠦᠭᠵᠢᠬᠦᠯᠬᠦ ᠲᠤᠬᠠᠢ ᠭᠤᠣᠯ ᠡᠭᠦᠷᠭᠡ ᠪᠠᠷ ᠵᠢᠯᠣᠭᠤᠳᠤᠯᠭ᠎ᠠ ᠪᠣᠯᠭᠠᠵᠤ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠣᠷᠣᠨ ᠪᠠᠶᠢᠷᠢ ᠶᠢᠨ ᠨᠥᠬᠦᠴᠡᠯ᠂ ᠠᠵᠤ ᠦᠢᠯᠡᠰ ᠤᠨ ᠰᠠᠭᠤᠷᠢ ᠪᠠ ᠢᠷᠡᠭᠡᠳᠦᠢ ᠶᠢᠨ ᠪᠣᠬᠢᠷᠳᠤᠯ ᠦᠭᠡᠢ ᠬᠥᠭᠵᠢᠯᠲᠡ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ︽ᠨᠢᠭᠡ ᠰᠠᠭᠤᠷᠢᠨ ᠭᠠᠵᠠᠷ᠂ ᠳᠥᠷᠪᠡᠨ ᠲᠠᠪᠴᠠᠩ︾ ᠢ ᠪᠣᠶᠢᠵᠢᠭᠤᠯᠬᠤ᠂ ᠲᠤᠬᠠᠶᠢᠯᠠᠪᠠᠯ ︽ᠭᠠᠳᠠᠭᠰᠢ ᠴᠢᠭᠯᠡᠭᠦᠯᠦᠭᠰᠡᠨ ᠬᠡᠯᠪᠡᠷᠢ ᠶᠢᠨ ᠪᠣᠬᠢᠷᠳᠤᠯ ᠦᠭᠡᠢ ᠦᠢᠯᠡᠳᠬᠡᠯ ᠤᠨ ᠰᠠᠭᠤᠷᠢᠨ ᠭᠠᠵᠠᠷ ᠪᠠ ᠪᠠᠷᠠᠭᠠᠨ ᠤ ᠭᠦᠢᠯᠭᠡᠭᠡᠨ ᠤ ᠬᠤᠪᠢᠶᠠᠷᠢᠯᠠᠨ ᠰᠠᠯᠭᠠᠬᠤ ᠲᠠᠪᠴᠠᠩ᠂ ᠳᠡᠯᠭᠡᠨ ᠦᠵᠡᠭᠦᠯᠵᠦ ᠠᠷᠠᠯᠵᠢᠶᠠᠯᠠᠬᠤ ᠲᠠᠪᠴᠠᠩ᠂ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ ᠲᠠᠪᠴᠠᠩ᠂ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡᠨ ᠤ ᠲᠠᠪᠴᠠᠩ︾ ᠢ ᠪᠣᠶᠢᠵᠢᠭᠤᠯᠬᠤ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠲᠣᠭᠲᠠᠭᠠᠪᠠ᠃      ᠬᠥᠭᠵᠢᠯᠲᠡ ᠶᠢᠨ ᠬᠠᠷᠠᠯᠲᠠ ᠳᠤ ︽ᠠᠮᠢ ᠠᠬᠤᠢ ᠶᠢ ᠤᠷᠢᠳᠠᠪᠡᠷ ᠪᠣᠳᠤᠯᠬᠢᠯᠠᠵᠤ᠂ ᠪᠣᠬᠢᠷᠳᠤᠯ ᠦᠭᠡᠢ ᠪᠠᠷ ᠬᠥᠭᠵᠢᠭᠦᠯᠬᠦ︾ ᠣᠨᠤᠯᠵᠢᠬᠤᠨ ᠢ ᠨᠠᠶᠢᠳᠠᠪᠤᠷᠢᠵᠢᠭᠤᠯᠬᠤ ᠶᠢ ᠴᠢᠬᠤᠯᠠᠴᠢᠯᠠᠵᠤ᠂ ︽ᠬᠤᠣᠰ ᠣᠷᠴᠢᠯ︾ ᠤᠨ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠨ ᠣᠷᠣᠬᠤ ᠭᠠᠷᠳᠠᠬᠤ ᠴᠡᠭ ᠪᠠ ᠬᠦᠴᠦᠯᠡᠬᠦ ᠴᠡᠭ ᠢ ᠣᠨᠣᠪᠴᠢᠲᠠᠶ ᠡᠷᠢᠵᠦ ᠣᠯᠬᠤ ᠳᠤ ᠰᠠᠭᠤᠷᠢᠯᠠᠨ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠴᠢᠳᠠᠮᠵᠢ ᠪᠠ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠳᠣᠲᠣᠭᠠᠳᠤ ᠳᠠᠭᠠᠨ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠭᠠᠳᠠᠭᠰᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠣᠷᠣᠨ ᠤ ᠲᠥᠪ ᠤᠨ ᠭᠠᠳᠠᠭᠰᠢ ᠴᠢᠭᠯᠡᠭᠦᠯᠦᠭᠰᠡᠨ ᠬᠡᠯᠪᠡᠷᠢ ᠶᠢᠨ ᠠᠵᠤ ᠦᠢᠯᠡᠰ ᠤᠨ ᠰᠠᠭᠤᠷᠢ ᠶᠢ ᠠᠰᠢᠭᠯᠠᠬᠤ ᠭᠤᠷᠪᠠᠨ ᠵᠦᠢᠯ ᠤᠨ ᠠᠷᠭ᠎ᠠ ᠬᠡᠮᠵᠢᠶ᠎ᠡ ᠶᠢ ᠠᠪᠬᠤ ᠪᠠᠷ ᠳᠡᠮᠵᠢᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠰᠡᠭᠦᠯᠴᠢ ᠪᠣᠯᠬᠤ ᠳᠤ᠂ ᠳᠡᠯᠡᠬᠡᠶᠢᠴᠢᠯᠡᠭᠰᠡᠨ᠂ ᠵᠠᠬ᠎ᠠ ᠳᠡᠯᠭᠡᠭᠦᠷᠴᠢᠯᠡᠭᠰᠡᠨ᠂  ᠬᠠᠤᠯᠢᠵᠢᠭᠰᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠤᠰ ᠤᠨ ᠳᠣᠲᠣᠭᠠᠳᠤ ᠶᠢᠨ ᠬᠥᠭᠵᠢᠭᠰᠡᠨ ᠭᠠᠵᠠᠷ ᠣᠷᠣᠨ ᠤ ᠬᠢᠷᠢ ᠲᠦᠪᠰᠢᠨ ᠳᠤ ᠬᠦᠷᠭᠡᠬᠦ᠂ ᠲᠡᠷᠢᠭᠦᠨ ᠤ ᠦᠶᠯᠡᠳᠬᠦ ᠦᠢᠯᠡᠰ ᠬᠢᠭᠡᠳ ᠳᠡᠭᠡᠳᠦ ᠲᠠᠰ ᠤᠨ ᠦᠢᠯᠡᠴᠢᠯᠡᠭᠡᠨ ᠤ ᠦᠢᠯᠡᠰ ᠵᠣᠬᠢᠴᠠᠩᠭᠤᠢ ᠬᠦᠭᠵᠢᠵᠦ᠂ ᠰᠠᠶᠢᠨ ᠨᠥᠬᠦᠴᠡᠯᠳᠦᠭᠰᠡᠨ ᠨᠡᠭᠡᠭᠡᠯᠲᠡᠲᠤ ᠬᠡᠯᠪᠡᠷᠢ ᠶᠢᠨ ᠠᠵᠤ ᠦᠢᠯᠡᠰ ᠤᠨ ᠰᠢᠰᠲ᠋ᠧᠮᠵᠢ ᠶᠢ ᠦᠨᠳᠦᠰᠦᠨ ᠳᠡᠭᠡᠨ ᠪᠣᠶ ᠪᠣᠯᠭᠠᠬᠤ᠂ ᠣᠷᠣᠨ ᠤ ᠲᠥᠪ ᠤᠨ ᠭᠠᠳᠠᠭᠰᠢ ᠴᠢᠭᠯᠡᠭᠦᠯᠦᠭᠰᠡᠨ ᠬᠡᠯᠪᠡᠷᠢ ᠶᠢᠨ ᠠᠵᠤ ᠠᠬᠤᠢ ᠶᠢ ᠬᠥᠲᠥᠯᠥᠨ ᠳᠠᠭᠠᠭᠤᠯᠬᠤ ᠪᠠ ᠳᠠᠶᠢᠴᠢᠯᠠᠬᠤ ᠦᠢᠯᠡᠳᠦᠯ ᠢ ᠨᠠᠩ ᠥᠷᠭᠡᠨ ᠳᠡᠯᠭᠡᠷ ᠪᠣᠯᠭᠠᠵᠤ᠂ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠮᠵᠢ ᠶᠢ ᠢᠯᠡᠳᠲᠡ ᠳᠡᠭᠡᠭᠰᠢᠯᠡᠭᠦᠯᠬᠦ ᠭᠤᠷᠪᠠᠨ ᠦᠨᠳᠦᠰᠦᠨ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠭᠤᠣᠯ ᠪᠣᠯᠬᠤ ᠬᠥᠭᠵᠢᠯᠲᠡ ᠶᠢᠨ ᠭᠦᠢᠴᠡᠳᠬᠡᠯ ᠲᠤᠭ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠲᠤᠭ᠎ᠠ 2021 ᠣᠨ ᠳᠤ 34.95 ᠳ᠋ᠦᠩᠰᠢᠭᠤᠷ ᠲᠥᠭᠦᠷᠢᠭ ᠬᠦᠷᠦᠭᠰᠡᠨ ᠰᠠᠭᠤᠷᠢᠨ ᠳᠡᠭᠡᠷ᠎ᠡ᠂ ᠵᠢᠯ ᠳᠤᠮᠳᠠᠴᠢ ᠪᠠᠷ 10% ᠠᠴᠠ ᠳᠡᠭᠡᠭᠰᠢ ᠨᠡᠮᠡᠭᠳᠡᠭᠦᠯᠵᠦ᠂ 2025 ᠣᠨ ᠳᠤ 60 ᠳ᠋ᠦᠩᠰᠢᠭᠤᠷ ᠲᠥᠭᠦᠷᠢᠭ ᠢ ᠳᠠᠪᠠᠭᠤᠯᠬᠤ ᠪᠠᠷ ᠴᠢᠷᠮᠠᠶᠢᠨ᠎ᠠ᠃      ᠬᠤᠶᠠᠳᠤᠭᠠᠷ ᠬᠡᠰᠡᠭ ᠨᠢ ᠭᠤᠣᠯ ᠡᠭᠦᠷᠭᠡ ᠪᠣᠯᠣᠨ᠎ᠠ᠂ ᠭᠤᠣᠯᠯᠠᠬᠤ ᠠᠵᠤ ᠦᠢᠯᠡᠰ ᠢ ᠪᠠᠬᠢᠵᠢᠭᠦᠯᠬᠦ᠂ ᠰᠢᠨ᠎ᠡ ᠶᠢ ᠡᠭᠦᠳᠬᠦ ᠬᠡᠯᠪᠡᠷᠢ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶᠢᠵᠢᠭᠤᠯᠤᠨ ᠬᠥᠭᠵᠢᠭᠦᠯᠬᠦ ᠪᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠷᠪᠠᠨ ᠠᠭᠤᠯᠭ᠎ᠠ ᠪᠠᠷ  ᠪᠦᠷᠢᠯᠳᠦᠪᠡ᠃      ᠭᠤᠣᠯᠯᠠᠬᠤ ᠠᠵᠤ ᠦᠢᠯᠡᠰ ᠢ ᠪᠠᠬᠢᠵᠢᠭᠦᠯᠬᠦ ᠲᠠᠯ᠎ᠠ ᠪᠠᠷ᠂ ᠭᠤᠣᠯᠳᠠᠭᠤ ᠭᠠᠶᠢᠯᠢ ᠪᠠᠲᠤᠯᠠᠬᠤ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ᠂ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠠᠵᠤ ᠦᠢᠯᠡᠰ ᠢ ᠪᠣᠳᠠᠲᠠᠶᠢᠵᠢᠭᠤᠯᠤᠨ ᠲᠣᠭᠲᠠᠪᠤᠷᠢᠵᠢᠭᠤᠯᠬᠤ᠂ ᠭᠠᠶᠢᠯᠢ ᠪᠠᠲᠤᠯᠠᠬᠤ ᠦᠢᠯᠡᠴᠢᠯᠡᠭᠡᠨ ᠤ ᠠᠵᠤ ᠦᠢᠯᠡᠰ ᠢ ᠰᠢᠯᠢᠳᠡᠭᠵᠢᠭᠦᠯᠦᠨ ᠨᠠᠷᠢᠯᠢᠭ ᠡᠷᠬᠢᠯᠡᠬᠦ᠂ ᠡᠩ ᠤᠨ ᠠᠷᠠᠯᠵᠢᠶᠠᠨ ᠤ ᠠᠵᠤ ᠦᠢᠯᠡᠰ ᠢ ᠲᠥᠪᠯᠡᠷᠡᠭᠦᠯᠦᠨ ᠬᠥᠭᠵᠢᠭᠦᠯᠬᠦ ᠵᠡᠷᠭᠡ ᠲᠦᠷᠪᠡᠨ ᠲᠠᠯ᠎ᠠ ᠶᠢᠨ ᠲᠣᠭᠤᠷᠢᠨ ᠳᠤ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠶᠢ ᠳᠤᠷᠠᠳᠪᠠ᠃ ᠭᠠᠶᠢᠯᠢ ᠪᠠᠲᠤᠯᠠᠬᠤ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠲᠠᠯ᠎ᠠ ᠪᠠᠷ ᠤᠳᠤ ᠶᠢᠨ ᠪᠠᠶᠢᠭ᠎ᠠ ᠭᠠᠶᠢᠯᠢ ᠪᠠᠲᠤᠯᠠᠬᠤ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠢ ᠪᠣᠬᠢᠷᠳᠤᠯ ᠦᠭᠡᠢ ᠪᠠᠷ ᠬᠡᠯᠪᠡᠷᠢ ᠶᠢ ᠬᠤᠪᠢᠷᠠᠭᠤᠯᠬᠤ᠂ ᠣᠶᠤᠨᠴᠢᠯᠠᠨ ᠲᠡᠰ ᠳᠡᠪᠰᠢᠭᠦᠯᠬᠦ ᠪᠠ ᠲᠤᠭᠠᠴᠢᠯᠠᠯᠠᠲᠠ ᠪᠠᠷ ᠬᠦᠴᠦᠨ ᠨᠡᠮᠡᠬᠦ ᠶᠢ ᠠᠬᠢᠭᠤᠯᠬᠤ ᠶᠢᠨ ᠬᠠᠮᠲᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠶᠡᠬᠡᠪᠡᠷ ᠬᠦᠭᠵᠢᠬᠦᠯᠵᠦ᠂ ᠬᠥᠭᠵᠢᠭᠰᠡᠨ ᠭᠠᠵᠠᠷ ᠣᠷᠣᠨ ᠤ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠦᠢᠯᠡᠰ ᠤᠨ ᠰᠢᠯᠵᠢᠯᠲᠡ ᠶᠢᠨ ᠲᠥᠷᠥᠯ ᠵᠦᠢᠯ ᠲᠠᠢ ᠢᠳᠡᠪᠬᠢᠲᠡᠢ ᠵᠣᠯᠭᠠᠭᠤᠯᠵᠤ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ᠂ ᠰᠢᠨ᠎ᠡ ᠮᠠᠲ᠋ᠧᠷᠢᠶᠠᠯ ᠪᠠ ᠣᠲᠣ ᠦᠶ᠎ᠡ ᠶᠢᠨ ᠲᠣᠨᠤᠭᠯᠠᠯ ᠦᠶᠯᠡᠳᠬᠦ᠂ ᠡᠯᠧᠺᠲᠷᠣᠨ ᠮᠡᠳᠡᠭᠡ ᠵᠠᠩᠭᠢ ᠵᠡᠷᠭᠡ ᠭᠤᠷᠪᠠᠨ ᠠᠵᠤ ᠦᠢᠯᠡᠰ ᠤᠨ ᠴᠢᠭᠯᠡᠯ ᠢᠶᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠵᠢᠯ ᠪᠦᠷᠢ ᠦᠢᠯᠡᠳᠬᠦᠨ ᠤ ᠦᠷᠲᠡᠭ ᠨᠢ 3000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 3 ᠶᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠡᠭᠦᠨ ᠳᠤ ᠦᠢᠯᠡᠳᠬᠦᠨ ᠤ ᠥᠷᠲᠡᠭ ᠨᠢ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 1 ᠶᠢ ᠰᠢᠨ᠎ᠡ ᠪᠠᠷ  ᠨᠡᠮᠡᠭᠳᠡᠭᠦᠯᠬᠦ ᠪᠠᠷ ᠴᠢᠷᠮᠠᠶᠢᠨ᠎ᠠ᠃ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠠᠵᠤ ᠦᠢᠯᠡᠰ ᠢ ᠪᠣᠳᠠᠲᠠᠶᠢᠵᠢᠭᠤᠯᠤᠨ ᠲᠤᠭᠲᠠᠪᠤᠷᠢᠵᠢᠭᠤᠯᠬᠤ ᠲᠠᠯ᠎ᠠ ᠪᠠᠷ᠂ ᠡᠷᠬᠢᠨ ᠲᠣᠭᠤᠷᠢᠨ ᠤ ᠡᠷᠢᠶᠡᠨ ᠪᠣᠭᠤᠮᠲᠠ᠂ ᠲᠢᠶᠠᠨᠵᠢᠨ ᠭᠠᠷᠠᠮ ᠵᠢᠴᠢ ᠡᠯᠡᠰᠦᠨ ᠨᠢᠷᠤᠭᠤ᠂ ᠤᠯᠠᠭᠠᠨᠴᠠᠪ ᠤᠨ ᠳᠣᠯᠤᠳᠤᠭᠠᠷ ᠰᠤᠮᠤ ᠵᠡᠷᠭᠡ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠲᠠᠢ ᠵᠣᠯᠭᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠣᠷᠣᠨ ᠪᠦᠰᠡ ᠶᠢᠨ ᠬᠤᠯᠪᠤᠭᠠᠯᠠᠨ ᠬᠥᠳᠡᠯᠦᠯᠴᠡᠬᠦ᠂ ᠪᠦᠯᠦᠭᠯᠡᠨ ᠬᠥᠭᠵᠢᠬᠦ ᠶᠢ ᠠᠬᠢᠭᠤᠯᠤᠨ᠎ᠠ︔ ᠣᠷᠣᠨ ᠤ ᠲᠥᠪ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ᠪᠠᠶᠢᠩᠭᠤ ᠠᠵᠢᠯᠯᠠᠭᠤᠯᠬᠤ ᠠᠵᠠ ᠲᠣᠬᠢᠶᠠᠯ ᠢ ᠠᠳᠬᠤᠵᠤ᠂ ᠲᠣᠮᠣ ᠬᠡᠯᠪᠡᠷᠢ ᠶᠢᠨ ᠬᠢᠯᠢ ᠠᠯᠤᠰᠯᠠᠭᠰᠠᠨ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠭᠤᠣᠯᠳᠠᠭᠤ ᠣᠷᠣᠰ᠂ ᠮᠣᠩᠭᠤᠯ ᠵᠡᠷᠭᠡ ᠤᠯᠤᠰ ᠤᠨ ᠮᠣᠳᠣᠨ ᠮᠠᠲ᠋ᠧᠷᠢᠶᠠᠯ᠂ ᠢᠮᠠᠭᠠᠨ ᠨᠣᠣᠯᠤᠭᠤᠷ᠂ ᠪᠤᠭᠤᠳᠠᠢ ᠵᠡᠷᠭᠡ ᠮᠠᠯ ᠤᠨ ᠠᠰᠢᠭ ᠰᠢᠮ᠎ᠡ ᠲᠠᠷᠢᠶᠠᠯᠠᠩ ᠤᠨ  ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠬᠤ᠂ ᠳᠠᠮᠵᠢᠭᠤᠯᠬᠤ᠂ ᠡᠳ᠋ᠰᠢᠭᠦᠯᠦᠨ ᠪᠣᠯᠪᠠᠰᠤᠷᠠᠭᠤᠯᠬᠤ ᠲᠤᠬᠠᠶᠢᠯᠠᠭᠰᠠᠨ ᠠᠵᠢᠯ ᠤᠨ ᠲᠣᠭᠤᠷᠢᠨ ᠳᠤ ᠭᠠᠳᠠᠭᠠᠳᠤ ᠠᠴᠠ ᠣᠷᠣᠭᠤᠯᠬᠤ ᠥᠷᠭᠡᠨ ᠬᠡᠷᠡᠭᠴᠡᠭᠡᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠡᠷᠡᠭᠰᠡᠯ ᠢ ᠬᠤᠪᠢᠶᠠᠷᠢᠯᠠᠨ ᠰᠠᠯᠭᠠᠬᠤ ᠲᠥᠪ ᠢ ᠪᠣᠶᠢᠵᠢᠭᠤᠯᠤᠨ᠎ᠠ᠃ ᠭᠠᠶᠢᠯᠢ ᠪᠠᠲᠤᠯᠠᠬᠤ ᠦᠢᠯᠡᠴᠢᠯᠡᠭᠡᠨ ᠤ ᠠᠵᠤ ᠦᠢᠯᠡᠰ ᠢ ᠰᠢᠯᠢᠳᠡᠭᠵᠢᠭᠦᠯᠦᠨ ᠨᠠᠷᠢᠯᠢᠭ ᠡᠷᠬᠢᠯᠡᠬᠦ ᠲᠠᠯ᠎ᠠ ᠪᠠᠷ ᠭᠠᠶᠢᠯᠢ ᠪᠠᠲᠤᠯᠠᠬᠤ ᠦᠵᠡᠭᠦᠯᠭᠡ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠢ ᠪᠠᠳᠠᠷᠠᠭᠤᠯᠵᠤ᠂ ᠲᠣᠮᠣ ᠬᠡᠯᠪᠡᠷᠢ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠠᠵᠤ ᠠᠬᠤᠶᠢᠯᠠᠯ ᠢ ᠬᠦᠴᠦᠯᠡᠨ ᠣᠷᠤᠭᠤᠯᠤᠨ ᠠᠪᠴᠢᠷᠠᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠳᠣᠲᠣᠷᠠᠬᠢ ᠬᠥᠮᠥᠷᠭᠡ ᠬᠢᠭᠡᠳ ᠣᠷᠣᠨ ᠤ ᠭᠠᠳᠠᠨᠠᠬᠢ ᠳᠡᠯᠭᠡᠭᠦᠷ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠣᠷᠣᠨ ᠤ ᠲᠥᠪ ᠵᠢᠴᠢ ᠡᠷᠬᠢᠨ ᠲᠣᠭᠤᠷᠢᠨ ᠤ ᠬᠤᠲᠠ ᠶᠢᠨ ᠭᠤᠣᠯ ᠪᠣᠯᠬᠤ ᠬᠤᠳᠠᠯᠳᠤᠭᠠᠨ ᠤ ᠲᠣᠭᠤᠷᠢᠭ᠂ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠣᠨᠴᠠᠯᠢᠭᠲᠤ ᠬᠤᠳᠠᠯᠳᠤᠭᠠᠨ ᠤ ᠵᠡᠭᠡᠯᠢ ᠲᠣᠭᠤᠷᠢᠭ ᠲᠤ ᠭᠠᠶᠢᠯᠢ ᠪᠠᠲᠤᠯᠠᠬᠤ ᠲᠠᠸᠠᠷ ᠢ ᠳᠡᠯᠭᠡᠨ ᠦᠵᠡᠭᠦᠯᠵᠦ ᠣᠶᠢᠯᠠᠭᠠᠬᠤ ᠳᠡᠯᠭᠡᠭᠦᠷ ᠪᠠᠶᠢᠭᠤᠯᠵᠤ᠂ ︽  ᠬᠦᠮᠦᠷᠭᠡ ᠶᠢᠨ ᠠᠷᠠᠯᠵᠢᠶ᠎ᠠ ᠶᠢᠨ ᠲᠥᠪ + ᠳᠡᠯᠭᠡᠨ ᠦᠵᠡᠭᠦᠯᠵᠦ ᠵᠢᠵᠢᠭᠯᠡᠨ ᠬᠤᠳᠠᠯᠳᠤᠬᠤ ᠲᠠᠪᠴᠠᠩ︾ ᠤᠨ ᠠᠷᠭ᠎ᠠ ᠮᠠᠶ᠋ᠢᠭ ᠢᠶᠠᠷ ᠭᠠᠶᠢᠯᠢ ᠪᠠᠲᠤᠯᠠᠬᠤ ᠲᠠᠸᠠᠷ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠤᠨ ᠪᠣᠷᠣᠯᠠᠭᠤᠯᠬᠤ ᠠᠷᠭ᠎ᠠ ᠵᠠᠮ ᠢ ᠨᠠᠪᠲᠠᠷᠡᠭᠦᠯᠵᠦ᠂ ᠣᠷᠣᠨ ᠪᠦᠰᠡ ᠶᠢᠨ ᠬᠢᠯᠢ ᠠᠯᠤᠰᠯᠠᠭᠰᠠᠨ ᠲᠠᠸᠠᠷ ᠤᠨ ᠠᠷᠠᠯᠵᠢᠶ᠎ᠠ ᠶᠢᠨ ᠲᠥᠪᠯᠡᠷᠡᠭᠦᠯᠦᠨ ᠲᠠᠷᠬᠠᠭᠠᠬᠤ ᠴᠢᠳᠠᠮᠵᠢᠲᠤ ᠣᠷᠣᠨ ᠢ ᠪᠣᠶᠢᠵᠢᠭᠤᠯᠤᠨ᠎ᠠ᠃ ᠡᠩ ᠤᠨ ᠠᠷᠠᠯᠵᠢᠶᠠᠨ ᠤ ᠠᠵᠤ ᠦᠢᠯᠡᠰ ᠢ ᠲᠥᠪᠯᠡᠷᠡᠭᠦᠯᠦᠨ ᠬᠥᠭᠵᠢᠭᠦᠯᠬᠦ ᠲᠠᠯ᠎ᠠ ᠪᠠᠷ ᠦᠢᠯᠡᠴᠢᠯᠡᠭᠡᠨ ᠤ ᠨᠥᠯᠥᠭᠡᠯᠡᠬᠦ ᠴᠢᠳᠠᠮᠵᠢ ᠶᠢ ᠳᠡᠭᠡᠭᠰᠢᠯᠡᠭᠦᠯᠬᠦ᠂ ᠭᠠᠳᠠᠭᠰᠢ ᠴᠢᠭᠯᠡᠭᠦᠯᠦᠭᠰᠡᠨ ᠶᠡᠷᠦᠩᠬᠡᠢ ᠬᠡᠯᠲᠡᠰ ᠤᠨ ᠠᠵᠤ ᠠᠬᠤᠢ ᠶᠢ ᠪᠣᠶᠢᠵᠢᠭᠤᠯᠬᠤ᠂ ᠭᠠᠳᠠᠭᠠᠳᠤ ᠠᠷᠠᠯᠵᠢᠶᠠᠨ ᠤ ᠴᠢᠳᠠᠮᠵᠢ ᠲᠠᠰ ᠢ ᠥᠷᠭᠡᠳᠬᠡᠬᠦ ᠪᠠᠷ ᠬᠠᠷᠠᠯᠲᠠ ᠪᠣᠯᠭᠠᠵᠤ ᠲᠣᠰ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠡᠩ ᠤᠨ ᠠᠷᠠᠯᠵᠢᠶᠠᠨ ᠤ ᠠᠵᠤ ᠠᠬᠤᠶᠢᠯᠠᠯ ᠵᠢᠴᠢ ᠭᠠᠳᠠᠭᠠᠳᠤ ᠠᠷᠠᠯᠵᠢᠶᠠᠨ ᠤ ᠦᠢᠯᠡᠳᠪᠦᠷᠢᠯᠡᠯ ᠤᠨ ᠴᠢᠨᠠᠷᠲᠠᠢ ᠠᠵᠤ ᠠᠬᠤᠶᠢᠯᠠᠯ ᠤᠨ ᠪᠣᠷᠤᠯᠠᠭᠤᠯᠭ᠎ᠠ ᠶᠢᠨ ᠺᠣᠮᠫᠠᠨᠢ ᠶᠢ ᠬᠥᠲᠥᠯᠥᠨ ᠵᠢᠯᠤᠭᠤᠳᠴᠤ ᠪᠠᠶᠢᠭᠠᠳ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠳᠠᠩᠰᠠᠯᠠᠭᠤᠯᠤᠨ ᠬᠥᠭᠵᠢᠭᠦᠯᠦᠨ᠎ᠡ ᠭᠡᠵᠦ ᠳᠤᠷᠠᠳᠤᠨ ᠭᠠᠷᠭᠠᠵᠠᠢ᠃      ᠰᠢᠨ᠎ᠡ ᠶᠢ ᠡᠭᠦᠳᠬᠦ ᠬᠡᠯᠪᠡᠷᠢ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶᠢᠵᠢᠭᠤᠯᠤᠨ ᠬᠥᠭᠵᠢᠭᠦᠯᠬᠦ ᠲᠠᠯ᠎ᠠ ᠪᠠᠷ᠂ ᠦᠢᠯᠡᠳᠪᠦᠷᠢᠯᠡᠯ ᠰᠤᠳᠤᠯᠭᠠᠨ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠬᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠪᠠᠶᠢᠴᠠᠭᠠᠨ ᠬᠡᠮᠵᠢᠵᠦ ᠰᠡᠯᠪᠢᠨ ᠵᠠᠰᠠᠬᠤ᠂ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠯ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡ ᠵᠡᠷᠭᠡ ᠭᠠᠶᠢᠯᠢ ᠪᠠᠲᠤᠯᠠᠬᠤ ᠠᠵᠤ ᠦᠢᠯᠡᠰ ᠤᠨ ᠠᠮᠢ ᠠᠬᠤᠢ ᠶᠢ ᠪᠦᠷᠢᠨᠰᠢᠭᠦᠯᠬᠦ᠂ ᠨᠡᠮᠡᠭᠳᠡᠯ ᠦᠷᠳᠡᠭ ᠤᠨ ᠭᠠᠶᠢᠯᠢ ᠶᠢᠨ ᠡᠩ ᠤᠨ ᠭᠠᠶᠢᠯᠢ ᠲᠤᠰᠢᠶᠠᠭᠴᠢ ᠶᠢᠨ ᠲᠤᠷᠰᠢᠯᠲᠠ ᠶᠢᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠬᠦᠮᠦᠷᠭᠡ ᠶᠢᠨ ᠪᠠᠷᠠᠭ᠎ᠠ ᠶᠢ ᠪᠠᠶᠢᠳᠠᠯ ᠢᠶᠠᠷ ᠨᠢ ᠲᠦᠷᠦᠯ ᠬᠤᠪᠢᠶᠠᠨ ᠬᠢᠨᠠᠨ ᠬᠠᠮᠢᠶᠠᠷᠬᠤ ᠲᠤᠬᠠᠶᠢᠯᠠᠭᠰᠠᠨ ᠠᠵᠢᠯ ᠢ ᠥᠷᠨᠢᠭᠦᠯᠬᠦ ᠵᠡᠷᠭᠡ ᠲᠦᠷᠪᠡᠨ ᠲᠠᠯ᠎ᠠ ᠪᠠᠷ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠃ ᠭᠤᠣᠯᠳᠠᠭᠤ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠶᠢ ᠳᠡᠮᠵᠢᠬᠦ ᠂ ᠪᠡᠶ᠎ᠡ ᠪᠠᠨ ᠳᠠᠭᠠᠭᠠᠭᠰᠠᠨ ᠲᠥᠷᠥᠯ ᠲᠡᠮᠳᠡᠭᠲᠦ ᠶᠢ ᠪᠣᠶᠢᠵᠢᠭᠤᠯᠬᠤ᠂ ᠭᠠᠳᠠᠭᠠᠳᠤ ᠳᠠᠬᠢ ᠬᠥᠮᠥᠷᠭᠡ ᠪᠠᠶᠢᠭᠤᠯᠬᠤ ᠶᠢ ᠠᠬᠢᠭᠤᠯᠬᠤ᠂ ᠣᠨᠴᠠᠯᠢᠭᠲᠤ ᠳᠠᠪᠠᠭᠤᠯᠢᠭ ᠦᠢᠯᠡᠳᠬᠦᠨ ᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ B2B ᠭᠠᠳᠠᠭᠠᠳᠤ ᠭᠠᠷᠭᠠᠯᠲᠠ ᠶᠢᠨ ᠲᠤᠬᠠᠶᠢᠯᠠᠭᠰᠠᠨ ᠠᠵᠢᠯ ᠢ ᠥᠷᠨᠢᠭᠦᠯᠬᠦ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ ᠳᠡᠯᠭᠡᠨ ᠦᠵᠡᠭᠦᠯᠭᠡ ᠶᠢᠨ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠬᠤ᠂  ᠪᠡᠯᠡ ᠲᠣᠬᠢᠷᠠᠭᠤᠯᠭ᠎ᠠ ᠲᠦᠷᠢᠶᠡᠰᠦᠯᠡᠭᠰᠡᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠳᠤ ᠰᠢᠨ᠎ᠡ ᠶᠢ ᠡᠭᠦᠳᠬᠦ ᠶᠢ ᠳᠡᠮᠵᠢᠬᠦ ᠵᠡᠷᠭᠡ ᠠᠭᠤᠯᠭ᠎ᠠ ᠳᠤ ᠭᠤᠣᠯᠳᠠᠯᠭ᠎ᠠ ᠲᠠᠢ ᠬᠤᠯᠪᠤᠭᠳᠠᠨ᠎ᠠ᠃      ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠬᠤ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠢᠯᠢᠳᠡᠭᠵᠢᠭᠦᠯᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ᠂ ᠤᠯᠤᠰ ᠤᠨ ᠲᠤᠷᠰᠢᠯᠲᠠ ᠶᠢᠨ ᠲᠥᠷᠥ ᠶᠢᠨ ᠪᠣᠳᠣᠯᠭ᠎ᠠ ᠶᠢ ᠲᠡᠮᠡᠴᠡᠨ ᠣᠯᠬᠤ ᠵᠡᠷᠭᠡ ᠲᠠᠯ᠎ᠠ ᠪᠠᠷ 9 ᠵᠦᠢᠯ ᠤᠨ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃      ᠭᠤᠷᠪᠠᠳᠤᠭᠠᠷ ᠬᠡᠰᠡᠭ ᠨᠢ ᠠᠵᠤ ᠦᠢᠯᠡᠰ ᠤᠨ ᠲᠦᠷᠦ ᠶᠢᠨ ᠪᠣᠳᠣᠯᠭ᠎ᠠ ᠪᠣᠯᠣᠨ᠎ᠠ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠳᠠᠩᠰᠠᠯᠠᠭᠤᠯᠤᠭᠰᠠᠨ ᠠᠵᠤ ᠠᠬᠤᠶᠢᠯᠠᠯ ᠳᠤ ᠬᠡᠷᠡᠭᠯᠡᠬᠦ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠭᠤᠣᠯᠳᠠᠭᠤ ︽ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠥᠭᠵᠢᠯᠲᠡ ᠶᠢ ᠳᠡᠮᠵᠢᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠬᠥᠬᠡᠬᠤᠲᠠ ᠵᠠᠰᠠᠭ ᠲᠠᠷᠬᠠᠭᠠᠭᠰᠠᠨ ﹇2019﹈ 30 ᠳ᠋ᠤᠭᠠᠷ ᠲᠣᠭᠠᠲᠤ︶᠂ ︽ᠬᠥᠬᠡᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠵᠦ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠠᠷᠪᠠᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ︵ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2021﹈ 19 ᠳ᠋ᠤᠭᠡᠷ ᠲᠣᠭᠠᠲᠤ︶᠂ ︽ᠳᠤᠮᠳᠠᠳᠤ ᠤᠯᠤᠰ ︵ᠬᠥᠬᠡᠬᠤᠲᠠ︶ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠪᠣᠳᠣᠯᠭ᠎ᠠ ᠨᠤᠭᠤᠳ︾ ︵ᠬᠥᠬᠡᠬᠤᠲᠠ ᠵᠠᠰᠠᠭ ᠲᠠᠷᠬᠠᠭᠠᠭᠰᠠᠨ ﹇2019﹈ 35 ᠳ᠋ᠤᠭᠠᠷ ᠲᠣᠭᠠᠲᠤ︶ ᠵᠡᠷᠭᠡ ᠲᠥᠷᠥ ᠶᠢᠨ ᠪᠣᠳᠣᠯᠭ᠎ᠠ ᠪᠣᠢ᠂ ᠠᠵᠤ ᠠᠬᠤᠶᠢᠯᠠᠯ ᠲᠣᠰ ᠵᠢᠯ ᠤᠨ ᠳᠣᠲᠣᠷ᠎ᠠ ᠣᠨ ᠤ ᠱᠠᠩᠨᠠᠵᠤ ᠨᠥᠬᠦᠪᠦᠷᠢᠯᠡᠬᠦ ᠪᠠᠷᠢᠮᠵᠢᠶ᠎ᠠ ᠳᠤ ᠤᠷᠢᠳᠴᠢᠯᠠᠨ ᠬᠦᠷᠬᠦ ᠦᠶ᠎ᠡ ᠳᠤ ᠲᠣᠭᠲᠠᠭᠠᠭᠰᠠᠨ ᠲᠠᠰ ᠳᠠᠷᠠᠭᠠᠯᠠᠯ ᠶᠣᠰᠣᠭᠠᠷ ᠲᠥᠷᠥ ᠶᠢᠨ ᠪᠣᠳᠣᠯᠭ᠎ᠠ ᠶᠢᠨ ᠠᠮᠠᠯᠠᠯᠲᠠ ᠶᠢ ᠪᠡᠶᠡᠯᠡᠬᠦᠯᠬᠦ ᠶᠢ ᠤᠯᠠᠷᠢᠯ ᠢᠶᠠᠷ ᠭᠤᠶᠤᠴᠢᠯᠠᠵᠤ ᠪᠣᠯᠣᠨ᠎ᠠ᠃      ᠳᠥᠷᠪᠡᠳᠦᠭᠡᠷ ᠬᠡᠰᠡᠭ ᠨᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠂ ᠥᠨᠳᠥᠷ ᠪᠦᠲᠦᠮᠵᠢᠲᠡᠶ ᠬᠠᠮᠵᠢᠯᠴᠠᠬᠤ ᠲᠣᠭᠲᠠᠴᠠ ᠶᠢ ᠪᠠᠶᠢᠭᠤᠯᠬᠤ᠂ ᠨᠡᠭᠡᠭᠡᠨ ᠬᠥᠭᠵᠢᠭᠦᠯᠵᠦ ᠡᠵᠡᠩᠨᠡᠬᠦ ᠵᠠᠭᠪᠤᠷ ᠢ ᠲᠡᠭᠦᠯᠳᠡᠷᠵᠢᠭᠦᠯᠬᠦ᠂ ᠬᠠᠷᠢᠭᠤᠴᠠᠯᠭ᠎ᠠ ᠶᠢᠨ ᠵᠣᠬᠢᠶᠠᠨ ᠪᠠᠶᠢᠭᠤᠯᠤᠯᠲᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ︽ᠰᠠᠨᠠᠯ︾ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠶᠢ ᠠᠬᠢᠭᠤᠯᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃      ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ      ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠬᠠᠷᠢᠯᠴᠠᠬᠤ ᠬᠥᠮᠥᠨ᠄ ᠸᠧᠢ ᠹᠧᠩ᠂ ᠬᠠᠷᠢᠯᠴᠠᠬᠤ ᠤᠲᠠᠰᠤ᠄ 0471-3661595             ᠢᠷᠡᠯᠲᠡ᠄ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ