ᠪᠥᠬᠦ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠠᠬᠢᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/5/18
                     ᠼᠤᠤ ᠰᠧ ᠶᠠᠩ ᠣᠷᠣᠯᠴᠠᠵᠠᠢ      ︵ᠰᠤᠷᠪᠤᠯᠵᠢᠯᠠᠭᠴᠢ ᠮᠢᠶᠣᠣ ᠰᠢᠨ︶ 5 ᠳ᠋ᠤᠭᠠᠷ ᠰᠠᠷ᠎ᠠ ᠶᠢᠨ 17 ᠤ ᠡᠳᠦᠷ᠂ ᠪᠥᠬᠦ ᠬᠤᠲᠠ ᠶᠢᠨ  ᠨᠠᠰᠤᠵᠢᠯ ᠤᠨ ᠠᠰᠠᠷᠠᠮᠵᠢ ᠶᠢᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠠᠬᠢᠭᠤᠯᠤᠯᠲᠠ ᠶᠢᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠤᠲᠠ ᠶᠢᠨ ᠲᠤᠰᠬᠠᠢ ᠠᠵᠢᠯᠯᠠᠭ᠎ᠠ ᠶᠢᠨ ᠠᠯᠪᠠᠨ ᠭᠡᠷ ᠤᠨ ᠡᠷᠬᠢᠯᠡᠭᠴᠢ ᠼᠤᠤ ᠰᠧ ᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ᠂ ᠬᠤᠲᠠ ᠶᠢᠨ ᠲᠤᠰᠬᠠᠢ ᠠᠵᠢᠯᠯᠠᠭ᠎ᠠ ᠶᠢᠨ ᠠᠯᠪᠠᠨ ᠭᠡᠷ ᠤᠨ ᠳᠡᠳ᠋ ᠡᠷᠬᠢᠯᠡᠭᠴᠢ ᠵᠣᠣ ᠰᠢ ᠮᠢᠨ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠬᠤᠲᠠ ᠶᠢᠨ ᠲᠤᠰᠬᠠᠢ  ᠠᠵᠢᠯᠯᠠᠭ᠎ᠠ ᠶᠢᠨ ᠠᠯᠪᠠᠨ ᠭᠡᠷ ᠤᠨ ᠳᠡᠳ᠋ ᠡᠷᠬᠢᠯᠡᠭᠴᠢ ᠵᠠᠩ ᠰᠢᠶᠣᠣ ᠬᠤᠩ ᠬᠤᠷᠠᠯ ᠳᠤ ᠣᠷᠣᠯᠴᠠᠵᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠤᠯᠤᠰ ᠲᠥᠷᠥ ᠬᠠᠤᠯᠢ ᠴᠠᠭᠠᠵᠠ ᠶᠢᠨ ᠨᠢᠭᠡᠴᠡ ᠶᠢᠨ ᠬᠢᠨ ᠲᠤᠰ ᠤᠳᠠᠭᠠᠨ ᠤ ᠲᠤᠰᠬᠠᠢ ᠠᠵᠢᠯᠯᠠᠭ᠎ᠠ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠷᠠᠯ ᠤᠨ ᠵᠣᠷᠢᠭ ᠰᠠᠨᠠᠭ᠎ᠠ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂  ᠨᠠᠰᠤᠵᠢᠯ ᠤᠨ ᠠᠰᠠᠷᠠᠮᠵᠢ ᠶᠢᠨ ᠮᠡᠬᠡᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠬᠠᠤᠯᠢ ᠶᠣᠰᠣᠭᠠᠷ ᠴᠢᠩᠭ᠎ᠠ ᠰᠢᠢᠳᠬᠡᠵᠦ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠮᠡᠬᠡᠯᠡᠯ ᠤᠨ ᠰᠠᠮᠠᠭᠤᠨ ᠦᠵᠡᠭᠳᠡᠯ ᠢ ᠤᠯᠠᠮ ᠨᠢᠭᠡ ᠠᠯᠬᠤᠮ ᠭᠦᠨᠵᠡᠭᠡᠢ ᠴᠡᠭᠴᠡᠯᠡᠨ ᠵᠠᠰᠠᠵᠤ᠂ ᠠᠷᠠᠳ ᠣᠯᠠᠨ ᠤ ︽ᠨᠠᠰᠤᠵᠢᠯ ᠤᠨ ᠠᠰᠠᠷᠠᠮᠵᠢ ᠶᠢᠨ ᠵᠣᠭᠤᠰ︾ ᠢ ᠦᠨᠡᠨᠬᠦ ᠰᠠᠶᠢᠲᠤᠷ ᠰᠠᠬᠢᠨ ᠬᠠᠮᠠᠭᠠᠯᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠤᠨ᠂ ᠣᠷᠣᠨ ᠤ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠣᠭᠲᠠᠭᠤᠨ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠣᠷᠣᠨ ᠤ ᠲᠥᠪ ᠬᠤᠲᠠ ᠶᠢᠨ ᠨᠡᠶᠢᠭᠡᠮ ᠤᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠳᠤ ᠦᠢᠯᠡᠴᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠨᠡᠨᠬᠦ ᠨᠠᠷᠢᠯᠢᠭ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠮᠠᠨ ᠤ ᠬᠤᠲᠠ ᠶᠢᠨ ᠬᠤᠯᠪᠣᠭᠳᠠᠯ ᠪᠦᠬᠦᠢ ᠠᠵᠢᠯ ᠨᠢᠭᠡᠨᠲᠡ ᠲᠥᠪᠯᠡᠷᠡᠭᠦᠯᠦᠨ ᠴᠣᠬᠢᠯᠲᠠ ᠥᠭᠴᠦ ᠴᠡᠭᠴᠡᠯᠡᠨ ᠵᠠᠰᠠᠬᠤ ᠱᠠᠲᠤᠨ ᠳᠤ ᠣᠷᠣᠵᠠᠢ᠂ ᠡᠯ᠎ᠡ ᠭᠠᠵᠠᠷ ᠣᠷᠣᠨ ᠤᠬᠠᠭᠤᠯᠤᠨ ᠳᠠᠶᠢᠴᠢᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠤᠯᠠᠨ ᠲᠦᠮᠡᠨ ᠤ ᠲᠤᠰᠬᠠᠢ ᠠᠵᠢᠯᠯᠠᠭ᠎ᠠ ᠶᠢ ᠣᠶᠢᠯᠠᠭᠠᠬᠤ ᠨᠤᠷᠮ᠎ᠠ᠂ ᠣᠷᠤᠯᠴᠠᠬᠤ ᠨᠤᠷᠮ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠪᠦᠬᠦ ᠨᠡᠶᠢᠭᠡᠮ ᠳᠤ ᠨᠠᠰᠤᠵᠢᠯ ᠤᠨ ᠠᠰᠠᠷᠠᠮᠵᠢ ᠶᠢᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ︔ ᠰᠦᠪᠡᠭᠴᠢ ᠶᠢ ᠪᠠᠶᠢᠴᠠᠭᠠᠨ ᠲᠣᠳᠣᠯᠠᠬᠤ᠂ ᠰᠦᠪᠡᠭᠴᠢ ᠶᠢ ᠬᠢᠨᠠᠨ ᠪᠠᠶᠢᠴᠠᠭᠠᠬᠤ᠂ ᠬᠡᠷᠡᠭ ᠢ ᠰᠢᠢᠳᠪᠦᠷᠢᠯᠡᠬᠦ ᠠᠵᠢᠯ ᠢ ᠰᠠᠶᠢᠲᠤᠷ ᠠᠳᠬᠤᠵᠤ᠂ ᠴᠣᠬᠢᠯᠲᠠ ᠥᠭᠴᠦ ᠲᠠᠩᠨᠠᠨ ᠰᠢᠢᠳᠪᠦᠷᠢᠯᠡᠬᠦ᠂ ᠰᠡᠷᠡᠮᠵᠢᠯᠡᠭᠦᠯᠬᠦ ᠬᠥᠮᠦᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠤᠬᠢᠷᠠᠯ ᠠᠮᠰᠠᠭᠰᠠᠨ ᠤᠯᠠᠨ ᠲᠦᠮᠡᠨ ᠤ ᠠᠵᠤ ᠠᠬᠤᠢ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠡᠭᠡᠭᠦᠯᠦᠨ ᠠᠪᠴᠢᠷᠠᠵᠤ᠂ ᠪᠦᠬᠦ ᠨᠡᠶᠢᠭᠡᠮ ᠳᠤ ᠴᠢᠩᠭ᠎ᠠ ᠴᠣᠬᠢᠯᠲᠠ ᠥᠭᠴᠦ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠦᠳᠲᠡᠷ ᠲᠦᠷᠭᠡᠨ ᠪᠤᠢ ᠪᠣᠯᠭᠠᠵᠤ᠂ ᠰᠦᠷ ᠦᠵᠡᠭᠦᠯᠬᠦ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠢ︔ ᠨᠢᠭᠡ ᠠᠴᠠ ᠨᠦᠬᠦᠭᠡ ᠶᠢ ᠵᠦᠢᠴᠢᠯᠡᠨ ᠮᠡᠳᠡᠬᠦ ᠬᠡᠷᠡᠭᠲᠡᠢ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠮᠡᠬᠡᠯᠡᠯ  ᠤᠨ ᠰᠠᠮᠠᠭᠤᠨ ᠦᠵᠡᠭᠳᠡᠯ ᠢ ᠵᠠᠯᠬᠠᠭᠠᠨ  ᠰᠢᠢᠳᠭᠡᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠂ ᠲᠦᠷᠦᠯ ᠬᠤᠪᠢᠶᠠᠨ ᠰᠢᠢᠳᠪᠦᠷᠢᠯᠡᠵᠦ᠂ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠵᠤ᠂ ᠣᠨᠣᠪᠴᠢᠲᠠᠢ ᠴᠣᠬᠢᠯᠲᠠ ᠦᠭᠴᠦ᠂ ᠨᠢᠭᠡ ᠪᠦᠯᠦᠭ ᠴᠢᠬᠤᠯᠠ ᠬᠡᠷᠡᠭ ᠢ ᠲᠠᠩᠨᠠᠨ ᠢᠯᠡᠷᠡᠭᠦᠯᠵᠦ᠂ ᠨᠢᠭᠡ ᠪᠦᠯᠦᠭ ᠶᠠᠯᠠᠳᠠᠨ ᠢ ᠴᠢᠩᠭ᠎ᠠ ᠰᠢᠢᠳᠭᠡᠵᠦ᠂ ᠨᠢᠭᠡ ᠪᠦᠯᠦᠭ ᠰᠠᠮᠠᠭᠤᠨ ᠦᠵᠡᠭᠳᠡᠯ ᠢ ᠴᠡᠭᠴᠡᠯᠡᠨ ᠵᠠᠰᠠᠵᠤ᠂ ᠠᠮᠤᠷ ᠲᠣᠭᠲᠠᠭᠤᠨ ᠢ ᠨᠥᠯᠥᠭᠡᠯᠡᠬᠦ᠂ ᠨᠡᠶᠢᠭᠡᠮ ᠤᠨ ᠬᠤᠷᠢᠭ᠎ᠠ ᠴᠡᠭᠡᠷ ᠲᠤ ᠬᠠᠯᠳᠠᠬᠤ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠵᠦ᠂ ᠦᠨᠡᠨ ᠪᠣᠳᠠᠲᠠᠢ ᠴᠡᠭᠴᠡᠯᠡᠨ ᠵᠠᠰᠠᠭᠰᠠᠨ ᠦᠷ᠎ᠡ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠨᠠᠰᠤᠵᠢᠯ ᠤᠨ ᠠᠰᠠᠷᠠᠮᠵᠢ ᠶᠢᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠬᠠᠢ ᠪᠦᠬᠦ ᠤᠯᠤᠰ᠂ ᠪᠦᠬᠦ ᠣᠷᠣᠨ ᠤ ᠲᠤᠰᠬᠠᠢ ᠠᠵᠢᠯᠯᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ