ᠾᠧ ᠬᠠᠢ ᠳ᠋ᠦᠩ ᠮᠠᠨ ᠤ ᠬᠤᠲᠠ ᠶᠢᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠵᠢᠴᠢ ᠶᠡᠷᠦᠩᠬᠡᠢ ᠬᠡᠯᠲᠡᠰ ᠤᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/5/18
      ︵ᠰᠤᠷᠪᠤᠯᠵᠢᠯᠠᠭᠴᠢ ᠯᠢᠶᠠᠩ ᠵᠢᠩ ᠱᠤ᠋︶ 5 ᠳ᠋ᠤᠭᠠᠷ ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠾᠧ ᠬᠠᠢ ᠳ᠋ᠦᠩ ᠨᠠᠷ ᠮᠠᠨ ᠤ ᠬᠤᠲᠠ ᠶᠢᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠵᠢᠴᠢ ᠶᠡᠷᠦᠩᠬᠡᠢ ᠬᠡᠯᠲᠡᠰ ᠤᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ᠂ ᠲᠥᠪ᠂ ᠥᠪᠡᠷᠲᠡᠭᠡᠨ ᠵᠠᠰᠠᠬᠤ ᠣᠷᠣᠨ ᠪᠠ ᠮᠠᠨ ᠤ ᠬᠤᠲᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠬᠡᠯᠲᠡᠰ ᠤᠨ ᠠᠵᠤ ᠠᠬᠤᠢ ᠶᠢ ᠬᠥᠭᠵᠢᠭᠦᠯᠬᠦ ᠶᠢ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠥᠬᠦ ᠲᠠᠯ᠎ᠠ ᠪᠠᠷ ᠬᠠᠷᠠᠭᠤᠯᠤᠭᠰᠠᠨ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢ ᠪᠦᠲᠦᠭᠡᠨ ᠪᠠᠶᠢᠭᠤᠯᠬᠤ᠂ ᠠᠵᠤ ᠦᠢᠯᠡᠰ ᠤᠨ ᠲᠠᠰ ᠳᠡᠪᠰᠢᠬᠦ ᠶᠢ ᠲᠦᠯᠬᠢᠨ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠪᠡᠯᠡᠳᠬᠡᠮᠵᠢ ᠶᠢᠨ ᠢᠵᠢ ᠪᠦᠷᠢᠳᠦᠭᠦᠯᠦᠯᠲᠡ ᠶᠢ ᠲᠡᠭᠦᠯᠳᠡᠷᠵᠢᠭᠦᠯᠦᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠮᠠᠨ ᠤ ᠬᠤᠲᠠ ᠶᠢᠨ ᠶᠡᠷᠦᠩᠬᠡᠢ ᠬᠡᠯᠲᠡᠰ ᠤᠨ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠡᠢ᠃      ᠾᠧ ᠬᠠᠢ ᠳ᠋ᠦᠩ ᠨᠠᠷ ᠬᠥᠬᠡᠬᠤᠲᠠ ᠶᠢᠨ ᠶᠡᠷᠦᠩᠬᠡᠢ ᠬᠡᠯᠲᠡᠰ ᠤᠨ ᠠᠵᠤ ᠠᠬᠤᠢ ᠶᠢᠨ ᠲᠣᠮᠣ ᠠᠰᠠᠷ ᠲᠤ ᠬᠦᠷᠴᠦ᠂ ᠠᠵᠤ ᠠᠬᠤᠶᠢᠯᠠᠯ ᠤᠨ ᠣᠷᠣᠵᠤ ᠰᠠᠭᠤᠭᠰᠠᠨ᠂ ᠬᠠᠮᠢᠶᠠᠷᠤᠯᠲᠠ ᠡᠵᠡᠩᠨᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠶᠣᠸᠠᠨ ᠵᠢᠩ ᠤᠮᠠᠷᠠᠲᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠡᠵᠡᠩᠨᠡᠯᠲᠡ᠂ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ᠂ ᠬᠥᠭᠵᠢᠯᠲᠡ ᠶᠢᠨ ᠲᠥᠯᠦᠪᠵᠢᠭᠦᠯᠭᠡ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠵᠤ᠂ ᠠᠵᠤ ᠠᠬᠤᠶᠢᠯᠠᠯ ᠤᠨ ᠲᠤᠰᠬᠠᠭᠰᠠᠨ ᠠᠰᠠᠭᠤᠳᠠᠯ ᠳᠤ ᠴᠠᠭ ᠲᠤᠬᠠᠢ ᠳᠤᠨᠢ ᠲᠤᠰᠢᠶᠠᠨ ᠥᠭᠴᠦ ᠰᠢᠢᠳᠪᠦᠷᠢᠯᠡᠭᠦᠯᠬᠦ ᠰᠠᠨᠠᠯ ᠳᠤᠷᠠᠳᠪᠠ᠃      ᠪᠠᠶᠢᠴᠠᠭᠠᠨ ᠰᠤᠳᠤᠯᠤᠯᠲᠠ ᠳᠤᠮᠳᠠ ᠪᠠᠨ ᠾᠧ ᠬᠠᠢ ᠳ᠋ᠦᠩ ᠴᠢᠬᠤᠯᠠᠴᠢᠯᠠᠭᠰᠠᠨ ᠨᠢ᠂ ᠶᠡᠷᠦᠩᠬᠡᠢ ᠬᠡᠯᠲᠡᠰ ᠤᠨ ᠠᠵᠤ ᠠᠬᠤᠢ ᠶᠢ ᠬᠥᠭᠵᠢᠭᠦᠯᠬᠦ ᠨᠢ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠬᠦ᠂ ᠬᠤᠲᠠ ᠶᠢᠨ ᠴᠢᠳᠠᠪᠤᠷᠢ ᠶᠢ ᠲᠡᠭᠦᠯᠳᠡᠷᠵᠢᠭᠦᠯᠬᠦ᠂ ᠬᠤᠲᠠ ᠶᠢᠨ ᠴᠢᠨᠠᠷ ᠲᠠᠰ ᠢ ᠳᠡᠭᠡᠭᠰᠢᠯᠡᠭᠦᠯᠬᠦ᠂ ᠣᠷᠣᠨ ᠪᠦᠰᠡ ᠶᠢᠨ ᠥᠷᠢᠰᠦᠯᠳᠦᠬᠦ ᠬᠦᠴᠦᠨ ᠪᠠ ᠳᠠᠶᠢᠴᠢᠯᠠᠬᠤ ᠬᠦᠴᠦᠨ ᠢ ᠴᠢᠩᠭᠠᠷᠠᠭᠤᠯᠬᠤ ᠳᠤ ᠴᠢᠬᠤᠯᠠ ᠦᠢᠯᠡᠳᠦᠯ ᠲᠠᠢ ᠶᠤᠮ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠶᠡᠷᠦᠩᠬᠡᠢ ᠬᠡᠯᠲᠡᠰ ᠤᠨ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠬᠦ ᠶᠢᠨ ᠵᠠᠶᠢᠯᠠᠰᠢ ᠦᠭᠡᠢ ᠴᠢᠨᠠᠷ᠂ ᠴᠢᠬᠤᠯᠠ ᠴᠢᠨᠠᠷ᠂ ᠲᠤᠯᠭᠠᠮ᠎ᠠ ᠴᠢᠨᠠᠷ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠶᠡᠷᠦᠩᠬᠡᠢ ᠬᠡᠯᠲᠡᠰ ᠤᠨ ᠠᠵᠤ ᠠᠬᠤᠢ ᠶᠢᠨ ᠲᠤᠬᠠᠢ ᠰᠤᠳᠤᠯᠭᠠᠨ ᠢᠶᠠᠨ ᠴᠢᠩᠭᠠᠳᠬᠠᠵᠤ᠂ ᠬᠥᠭᠵᠢᠯᠲᠡ ᠶᠢ ᠰᠢᠰᠲ᠋ᠧᠮ ᠲᠠᠢ ᠰᠦᠪᠡᠭᠴᠢᠯᠡᠵᠦ᠂ ᠥᠨᠳᠥᠷ ᠪᠦᠲᠦᠮᠵᠢᠲᠡᠢ ᠬᠠᠮᠲᠤᠷᠠᠯᠴᠠᠬᠤ ᠶᠢ ᠪᠠᠲᠤᠯᠠᠬᠤ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠶᠢ ᠴᠢᠩᠭᠠᠳᠬᠠᠵᠤ᠂ ᠡᠯ᠎ᠡ ᠲᠥᠷᠥᠯ ᠤᠨ 500 ᠬᠦᠴᠦᠷᠬᠡᠭ ᠠᠵᠤ ᠠᠬᠤᠶᠢᠯᠠᠯ᠂ ᠤᠯᠤᠰ ᠤᠨ ᠳᠣᠲᠣᠭᠠᠳᠤ ᠶᠢᠨ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠪᠥᠯᠥᠭᠯᠡᠯ᠂ ᠠᠵᠢᠯ ᠲᠥᠷᠥᠯ ᠤᠨ ᠬᠥᠲᠥᠴᠢ ᠠᠵᠤ ᠠᠬᠤᠶᠢᠯᠠᠯ ᠵᠡᠷᠭᠡ ᠶᠢ ᠶᠡᠬᠡᠪᠡᠷ ᠣᠷᠣᠭᠤᠯᠤᠨ ᠬᠥᠬᠡᠬᠤᠲᠠ ᠳᠤ ᠶᠡᠷᠦᠩᠬᠡᠢ ᠬᠡᠯᠲᠡᠰ ᠪᠠᠶᠢᠭᠤᠯᠵᠤ᠂ ᠭᠤᠣᠯᠯᠠᠬᠤ ᠥᠷᠢᠰᠦᠯᠳᠦᠬᠦ ᠬᠦᠴᠦᠨ ᠲᠠᠢ ᠠᠵᠤ ᠠᠬᠤᠶᠢᠯᠠᠯ ᠤᠨ ᠪᠥᠭᠡᠮᠨᠡᠷᠡᠯ ᠢ ᠪᠣᠶ ᠪᠣᠯᠭᠠᠬᠤ ᠬᠡᠷᠡᠭᠲᠡᠢ᠃ ᠡᠵᠡᠩᠨᠡᠯᠲᠡ ᠪᠠ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂  ᠤᠳᠤᠬᠢᠴᠢᠯᠠᠯᠲᠠ᠂  ᠤᠶᠤᠨᠴᠢᠯᠠᠯᠲᠠ᠂ ᠲᠦᠳᠡᠴᠢᠯᠡᠯᠲᠡ ᠳᠤ ᠰᠠᠭᠤᠷᠢᠯᠠᠨ᠂ ᠢᠵᠢ ᠪᠦᠷᠢᠳᠦᠭᠰᠡᠨ ᠤᠯᠠᠨ ᠨᠡᠶᠢᠲᠡ ᠶᠢᠨ ᠪᠡᠯᠡᠳᠬᠡᠮᠵᠢ ᠶᠢ ᠲᠡᠭᠦᠯᠳᠡᠷᠵᠢᠭᠦᠯᠵᠦ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠢ ᠣᠷᠣᠭᠤᠯᠤᠨ ᠠᠪᠴᠢᠷᠠᠵᠤ᠂ ︽ᠰᠢᠩᠭᠡᠯᠢᠭ ᠢ ᠰᠤᠯᠠᠯᠠᠨ ᠰᠢᠪᠠᠭᠤ ᠶᠢ ᠰᠣᠯᠢᠵᠤ︾᠂ ᠵᠡᠷᠭᠡ ᠳᠡᠰ ᠤᠨ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠲᠦᠷᠦ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠡᠳ᠋ ᠤᠨ ᠵᠠᠰᠠᠭ ᠭᠠᠶᠢᠯᠢ᠂ ᠴᠢᠳᠠᠪᠤᠷᠢᠲᠠᠨ ᠵᠡᠷᠭᠡ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠰᠢᠰᠲ᠋ᠧᠮᠲᠦ ᠴᠢᠨᠠᠷᠲᠠᠢ᠂ ᠬᠠᠨᠳᠤᠯᠭᠠᠲᠤ ᠴᠢᠨᠠᠷ ᠢᠶᠠᠷ ᠴᠢᠩᠭ᠎ᠠ ᠲᠦᠷᠦ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ᠂ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠦᠯᠡᠳᠡᠭᠡᠨ ᠠᠪᠴᠤ᠂ ᠰᠠᠶᠢᠲᠤᠷ ᠬᠥᠭᠵᠢᠭᠦᠯᠬᠦ ᠬᠡᠷᠡᠭᠲᠡᠢ ᠭᠡᠵᠡᠢ᠃      ᠬᠤᠳᠠ ᠶᠢᠨ ᠳᠡᠳ᠋ ᠳᠠᠷᠤᠭ᠎ᠠ ᠸᠠᠩ ᠶᠠᠨ ᠵᠢᠶᠦ᠋ᠨ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢᠦ ᠵᠠᠨ ᠶᠢᠩ᠂ ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ