ᠾᠧ ᠬᠠᠢ ᠳ᠋ᠦᠩ ᠣᠷᠣᠯᠴᠠᠵᠠᠢ | ︵ᠰᠤᠷᠪᠤᠯᠵᠢᠯᠠᠭᠴᠢ ᠯᠢᠶᠠᠩ ᠵᠢᠩ ᠱᠤ᠋︶ 5 ᠳ᠋ᠤᠭᠠᠷ ᠰᠠᠷ᠎ᠠ ᠶᠢᠨ 17 ᠤ ᠡᠳᠦᠷ᠂ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠬᠢᠭᠡᠳ ᠬᠥᠬᠡᠬᠤᠲᠠ ᠶᠢᠨ | ᠠᠷᠠᠳ ᠤᠨ ᠵᠠᠰᠠᠭ ᠤᠨ ᠣᠷᠳᠣᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠴᠡᠷᠢᠭ ᠤᠨ ᠵᠡᠪᠰᠡᠭ ᠲᠣᠨᠣᠭᠯᠠᠯ ᠢ ᠲᠤᠰᠢᠶᠠᠵᠤ ᠬᠦᠯᠢᠶᠡᠨ ᠠᠪᠬᠤ ᠶᠣᠰᠣᠯᠠᠯ | ᠶᠠᠪᠤᠭᠤᠯᠪᠠ᠃ | ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ | ᠳ᠋ᠦᠩ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠤᠨ ᠤᠯᠤᠰ ᠲᠥᠷᠥ ᠶᠢᠨ ᠭᠡᠰᠢᠭᠦᠨ ᠰᠦᠨ ᠪᠢᠩ | ᠸᠧᠨ᠂ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠤᠨ ᠺᠤᠮᠠᠨᠳᠠᠯᠠᠭᠴᠢ ᠰᠧ ᠰᠢᠶᠣᠣ ᠶᠠᠩ ᠶᠣᠰᠣᠯᠠᠯ ᠳᠤ ᠣᠷᠣᠯᠴᠠᠪᠠ᠃ | ᠲᠤᠰᠢᠶᠠᠵᠤ ᠬᠦᠯᠢᠶᠡᠬᠦ ᠶᠣᠰᠣᠯᠠᠯ ᠳᠡᠭᠡᠷ᠎ᠡ᠂ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠲᠠᠢ ᠲᠤᠰᠢᠶᠠᠵᠤ | ᠬᠦᠯᠢᠶᠡᠨ ᠠᠪᠬᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠪᠠ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠲᠤᠰᠢᠶᠠᠵᠤ ᠬᠦᠯᠢᠶᠡᠨ ᠠᠪᠤᠭᠰᠠᠨ ᠵᠠᠭᠤ ᠭᠠᠷᠤᠢ | ᠵᠦᠢᠯ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠴᠡᠷᠢᠭ ᠤᠨ ᠵᠡᠪᠰᠡᠭ ᠲᠣᠨᠣᠭᠯᠠᠯ ᠢ ᠶᠡᠭᠡ ᠲᠦᠷᠭᠡᠨ ᠭᠤᠣᠯ ᠤᠨ ᠴᠡᠷᠢᠭ ᠤᠨ ᠶᠠᠪᠤᠳᠠᠯ ᠤᠨ ᠴᠡᠴᠡᠷᠯᠢᠭ ᠲᠤ | ᠲᠣᠬᠢᠷᠠᠭᠤᠯᠤᠨ᠎ᠠ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠣᠯ ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠲᠦᠭᠡᠨ ᠪᠠᠶᠢᠭᠤᠯᠬᠤ ᠪᠠ ᠪᠠᠬᠢᠵᠢᠭᠦᠯᠬᠦ ᠰᠠᠭᠤᠷᠢ ᠮᠥᠨ᠂ | ᠦᠨᠳᠦᠰᠦᠲᠡᠨ ᠤ ᠨᠢᠭᠲᠠᠷᠠᠯ ᠤᠨ ᠬᠦᠴᠦᠨ ᠢ ᠴᠢᠩᠭᠠᠷᠠᠭᠤᠯᠵᠤ᠂ ᠪᠦᠬᠦ ᠠᠷᠠᠳ ᠤᠨ ᠬᠡᠪ ᠴᠢᠨᠠᠷ ᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠮᠥᠨ᠃ ᠲᠤᠰ ᠤᠳᠠᠭ᠎ᠠ ᠶᠢᠨ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠴᠡᠷᠢᠭ ᠤᠨ ᠵᠡᠪᠰᠡᠭ ᠲᠣᠨᠣᠭᠯᠠᠯ ᠢ ᠲᠤᠰᠢᠶᠠᠵᠤ ᠬᠦᠯᠢᠶᠡᠨ ᠠᠪᠬᠤ ᠶᠣᠰᠣᠯᠠᠯ ᠢ ᠡᠷᠬᠢᠯᠡᠭᠰᠡᠨ ᠨᠢ ᠮᠠᠨ ᠤ ᠬᠤᠳᠠ ᠶᠢᠨ | ᠶᠡᠷᠦᠩᠬᠡᠢ ᠱᠦᠵᠢ ᠰᠢ ᠶᠢᠨ ᠫᠢᠩ ᠤᠨ ᠬᠤᠶᠠᠷ ᠢ ᠬᠦᠷᠢᠶᠡᠯᠡᠬᠦ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠴᠢᠬᠤᠯᠠ ᠠᠷᠭ᠎ᠠ | ᠬᠡᠮᠵᠢᠶ᠎ᠡ ᠪᠣᠯᠬᠤ ᠪᠠᠷ ᠪᠠᠷᠠᠬᠤ ᠦᠭᠡᠢ᠂ ᠪᠠᠰᠠ ᠴᠤ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ | ᠳᠤᠷᠠᠳᠤᠭᠰᠠᠨ ︽ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠵᠤ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠠᠵᠢᠯ ᠢ | ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠬᠦ︾ ᠵᠡᠷᠭᠡ | ᠴᠢᠬᠤᠯᠠ ᠠᠭᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠤ᠋ ᠰᠢᠨ᠎ᠡ ᠲᠤᠷᠰᠢᠯᠲᠠ ᠪᠣᠯᠣᠨ᠎ᠠ᠃ ᠮᠠᠨ ᠤ ᠬᠤᠲᠠ ᠶᠡᠭᠡ ᠲᠦᠷᠭᠡᠨ ᠭᠤᠣᠯ ᠤᠨ ᠴᠡᠷᠢᠭ ᠤᠨ ᠶᠠᠪᠤᠳᠠᠯ ᠤᠨ | ᠰᠣᠶᠣᠯ ᠤᠨ ᠴᠡᠴᠡᠷᠯᠢᠭ ᠲᠤ ᠲᠦᠰᠢᠭᠯᠡᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠡᠯᠧᠮᠧᠨ᠋ᠲ ᠢ ᠣᠷᠭᠠᠨᠢᠭ ᠢᠶᠠᠷ ᠠᠭᠤᠰᠬᠠᠵᠤ᠂ ᠲᠣᠰ ᠴᠡᠴᠡᠷᠯᠢᠭ ᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠤᠯᠠᠮᠵᠢᠯᠠᠬᠤ᠂ ᠴᠡᠷᠢᠭ ᠢ | ᠬᠦᠴᠦᠷᠬᠡᠭᠵᠢᠭᠦᠯᠦᠭᠰᠡᠨ ᠠᠮᠵᠢᠯᠲᠠ ᠪᠦᠲᠦᠭᠡᠯ ᠢ ᠳᠡᠯᠭᠡᠨ ᠦᠵᠡᠭᠦᠯᠬᠦ᠂ ᠵᠡᠪᠰᠡᠭ ᠲᠣᠨᠣᠭᠯᠠᠯ ᠢ ᠲᠠᠨᠢᠯᠴᠠᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ | ᠥᠷᠨᠢᠭᠦᠯᠬᠦ ᠰᠢᠨ᠎ᠡ ᠲᠠᠪᠴᠠᠩ ᠪᠣᠯᠭᠠᠬᠤ ᠪᠠᠷ ᠪᠣᠢ᠃ | ᠣᠶᠢᠯᠠᠭᠠᠭᠰᠠᠨ ᠢᠶᠠᠷ᠂ ᠣᠳᠣᠬᠢ ᠱᠠᠲᠤᠨ ᠳᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠵᠤ ᠪᠠᠶᠢᠭ᠎ᠠ ᠶᠡᠭᠡ ᠲᠦᠷᠭᠡᠨ ᠭᠤᠣᠯ ᠤᠨ ᠴᠡᠷᠢᠭ ᠤᠨ ᠶᠠᠪᠤᠳᠠᠯ ᠤᠨ ᠰᠣᠶᠣᠯ ᠤᠨ | ᠴᠡᠴᠡᠷᠯᠢᠭ ᠢ ᠰᠢᠨᠡᠴᠢᠯᠡᠯᠲᠡ ᠶᠢᠨ ᠴᠢᠨᠠᠷᠲᠠᠢ᠂ ᠣᠷᠤᠯᠴᠠᠬᠤ ᠴᠢᠨᠠᠷᠲᠠᠢ᠂ ᠶᠡᠷᠦᠩᠬᠡᠶᠢᠯᠡᠭᠰᠡᠨ ᠴᠢᠨᠠᠷᠲᠠᠢ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ | ᠵᠢᠴᠢ ᠬᠡᠪ ᠴᠢᠨᠠᠷ ᠢ ᠳᠡᠭᠡᠭᠰᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠪᠣᠯᠣᠨ᠎ᠠ᠃ | ᠲᠤᠰᠢᠶᠠᠵᠤ ᠬᠦᠯᠢᠶᠡᠨ ᠠᠪᠬᠤ ᠶᠣᠰᠣᠯᠠᠯ ᠤᠨ ᠳᠠᠷᠠᠭ᠎ᠠ᠂ ᠾᠧ ᠬᠠᠢ ᠳ᠋ᠦᠩ ᠨᠠᠷ ᠲᠤᠰ ᠤᠳᠠᠭ᠎ᠠ ᠶᠢᠨ ᠲᠤᠰᠢᠶᠠᠵᠤ ᠬᠦᠯᠢᠶᠡᠨ ᠠᠪᠤᠭᠰᠠᠨ ᠬᠡᠰᠡᠭ ᠴᠡᠷᠢᠭ ᠤᠨ ᠵᠡᠪᠰᠡᠭ | ᠲᠣᠨᠣᠭᠯᠠᠯ ᠢ ᠲᠣᠭᠤᠷᠢᠨ ᠦᠵᠡᠭᠰᠡᠨ ᠪᠥᠭᠡᠳ ᠶᠡᠭᠡ ᠲᠦᠷᠭᠡᠨ ᠭᠤᠣᠯ ᠤᠨ ᠴᠡᠷᠢᠭ ᠤᠨ ᠶᠠᠪᠤᠳᠠᠯ ᠤᠨ ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ | ᠪᠣᠯᠣᠨ ᠮᠠᠨ ᠤ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠣᠶᠢᠯᠠᠭᠠᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠴᠧᠩ ᠮᠢᠨ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠲᠠᠩ ᠶᠦᠩ ᠵᠡᠷᠭᠡ ᠬᠤᠯᠪᠣᠭᠳᠠᠯ ᠪᠦᠬᠦᠢ ᠬᠥᠮᠥᠰ ᠶᠣᠰᠣᠯᠠᠯ ᠳᠤ ᠣᠷᠣᠯᠴᠠᠪᠠ᠃ |