ᠬᠥᠬᠡᠬᠤᠲᠠ ᠶᠢᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠲᠦᠷᠦᠭᠦᠴᠦᠳ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/5/19
ᠪᠣᠣ ᠭᠠᠩ ᠾᠧ ᠬᠠᠢ ᠳ᠋ᠦᠩ ᠴᠠᠩ ᠫᠧᠢ ᠵᠦᠩ ᠣᠷᠣᠯᠴᠠᠵᠠᠢ      ︵ᠰᠤᠷᠪᠤᠯᠵᠢᠯᠠᠭᠴᠢ ᠯᠢᠶᠠᠩ ᠵᠢᠩ ᠱᠤ᠋︶ ᠲᠤᠭ᠎ᠠ ᠪᠠᠷᠢᠮᠲᠠ ᠬᠦᠴᠦᠨ ᠨᠡᠮᠡᠵᠦ᠂ ᠢᠷᠡᠭᠡᠳᠦᠢ ᠶᠢ ᠬᠥᠲᠥᠯᠥᠨ ᠳᠠᠭᠠᠭᠤᠯᠤᠨ᠎ᠠ᠃ 5 ᠳ᠋ᠤᠭᠠᠷ ᠰᠠᠷ᠎ᠠ ᠶᠢᠨ 18 ᠤ ᠡᠳᠦᠷ᠂ ᠬᠥᠬᠡᠬᠤᠲᠠ ᠶᠢᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠲᠦᠷᠦᠭᠦᠴᠦᠳ ᠤᠨ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ︽ᠲᠣᠭᠠᠴᠢᠯᠠᠭᠰᠠᠨ ᠳᠤᠮᠳᠠᠳᠤ ᠤᠯᠤᠰ︾ ᠢ ᠪᠦᠲᠦᠭᠡᠨ ᠪᠠᠶᠢᠭᠤᠯᠬᠤ ᠲᠤᠬᠠᠢ ᠴᠢᠬᠤᠯᠠ ᠥᠭᠦᠯᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ᠂ ᠲᠤᠰᠬᠠᠢ ᠮᠡᠷᠭᠡᠵᠢᠯᠲᠡᠨ᠂ ᠠᠵᠤ ᠠᠬᠤᠶᠢᠯᠠᠯ ᠤᠨ ᠣᠶᠤᠨ ᠤᠬᠠᠭᠠᠨ ᠬᠦᠴᠦᠨ ᠴᠢᠳᠠᠯ ᠢ ᠬᠤᠷᠠᠮᠳᠤᠭᠤᠯᠤᠨ᠂ ᠲᠣᠭᠠᠴᠢᠯᠠᠭᠰᠠᠨ ᠠᠵᠤ ᠠᠬᠤᠢ ᠶᠢᠨ  ᠨᠠᠷᠢᠨ ᠬᠦᠷᠢᠶ᠎ᠡ ᠴᠠᠷᠠᠭ᠎ᠠ ᠶᠢᠨ ᠲᠣᠬᠢᠶᠠᠯ ᠪᠠ ᠥᠷᠢᠰᠦᠯᠳᠦᠭᠡᠨ ᠢ ᠲᠣᠭᠠᠯᠠᠨ ᠪᠦᠷᠢᠳᠬᠡᠵᠦ᠂ ᠲᠠᠯ᠎ᠠ ᠶᠢᠨ ᠬᠤᠲᠠ ᠶᠢᠨ ᠲᠣᠭᠠᠴᠢᠯᠠᠭᠰᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢ ᠬᠠᠮᠲᠤᠪᠠᠷ ᠰᠦᠪᠡᠭᠴᠢᠯᠡᠭᠰᠡᠨ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠳᠤ ᠣᠷᠣᠯᠴᠠᠵᠤ ᠥᠪᠡᠷᠲᠡᠭᠡᠨ ᠵᠠᠰᠠᠬᠤ ᠣᠷᠣᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢᠵᠢᠯᠲᠠ ᠶᠢᠨ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠢᠩᠬᠢᠮ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠴᠢᠮᠡᠭᠡ ᠬᠤᠯᠪᠣᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠬᠠᠮᠲᠤ ᠪᠠᠷ ︽ᠵᠡᠭᠦᠨ ᠪᠡᠶ᠎ᠡ ᠶᠢᠨ ᠲᠤᠭ᠎ᠠ ᠶᠢ ᠪᠠᠷᠠᠭᠤᠨ ᠪᠡᠶ᠎ᠡ ᠳᠤ ᠪᠤᠳᠤᠬᠤ︾ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠪᠣᠳᠣᠯᠭ᠎ᠠ ᠶᠢᠨ ᠬᠦᠴᠦᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠡᠢ᠃      ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠮᠠᠨ ᠤ ᠬᠤᠲᠠ ᠶᠢᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃      ᠣᠶᠢᠷ᠎ᠠ ᠶᠢᠨ ᠵᠢᠯ ᠤᠨ ᠲᠤᠷᠰᠢ᠂ ᠬᠥᠬᠡᠬᠤᠲᠠ ᠲᠣᠭᠠᠴᠢᠯᠠᠭᠰᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠤᠯᠤᠰ ᠤᠨ ᠲᠡᠰ ᠤᠨ ᠢᠨᠲ᠋ᠧᠷ ᠰᠦᠯᠵᠢᠶᠡᠨ ᠤ ᠭᠤᠣᠯ ᠰᠢᠭᠤᠳ ᠬᠤᠯᠪᠣᠬᠤ ᠴᠡᠭ ᠪᠣᠯᠵᠤ᠂ ᠪᠦᠬᠦ ᠤᠯᠤᠰ ᠤᠨ ᠲᠦᠷᠦᠭᠦᠦ ᠪᠦᠯᠦᠭ ︽ᠮᠢᠩᠭᠠᠨ ᠮᠧᠭ᠎ᠠ ᠶᠢᠨ ᠬᠤᠳᠠ︾᠂ ᠪᠦᠬᠦ ᠤᠯᠤᠰ ᠤᠨ ᠨᠢᠭᠡ ᠴᠣᠭᠴᠠᠵᠢᠭᠤᠯᠤᠭᠰᠠᠨ ᠪᠣᠳᠣᠯᠭ᠎ᠠ ᠶᠢᠨ ᠬᠦᠴᠦᠨ ᠤ ᠰᠦᠯᠵᠢᠶᠡᠨ ᠤ ᠤᠯᠤᠰ ᠤᠨ ᠵᠠᠩᠭᠢᠯᠠᠭ᠎ᠠ ᠶᠢᠨ ᠴᠡᠭ ᠢᠶᠠᠷ ᠵᠥᠪᠰᠢᠶᠡᠷᠡᠭᠳᠡᠪᠡ᠃ ︽ᠪᠤᠳᠤᠬᠤ ᠪᠠ ᠬᠠᠳᠠᠭᠠᠯᠠᠬᠤ ᠴᠢᠳᠠᠪᠤᠷᠢ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠡᠬᠢᠯᠡᠨ ᠬᠡᠷᠡᠭᠵᠢᠭᠦᠯᠵᠦ᠂ ᠰᠢᠯᠵᠢᠮᠡᠯ ᠬᠤᠯᠪᠣᠭ᠎ᠠ᠂ ᠨᠢᠭᠡᠳᠦᠮᠡᠯ ᠬᠤᠯᠪᠣᠭ᠎ᠠ᠂ ᠴᠠᠬᠢᠯᠭᠠᠨ ᠬᠤᠯᠪᠣᠭ᠎ᠠ ᠵᠡᠷᠭᠡ ᠭᠤᠷᠪᠠᠨ ᠲᠣᠮᠣ ᠡᠵᠡᠩᠨᠡᠯᠲᠡ ᠶᠢᠨ ᠬᠤᠳᠠᠯᠳᠤᠭᠠᠴᠢᠨ ᠢ ᠲᠡᠳᠡᠨ ᠣᠷᠣᠭᠤᠯᠪᠠ︔ ᠠ ᠯᠢ᠂ ᠪᠠᠢ ᠳ᠋ᠦ᠋᠂ ᠬᠤᠸᠠ ᠸᠧᠢ᠂ ᠯᠠᠩ ᠴᠤᠤ ᠵᠡᠷᠭᠡ 100 ᠭᠠᠷᠤᠢ ᠠᠵᠤ ᠠᠬᠤᠶᠢᠯᠠᠯ ᠣᠷᠤᠵᠤ ᠰᠠᠭᠤᠨ᠂ ᠦᠢᠯᠡᠴᠢᠯᠡᠭᠦᠷ ᠢ ᠠᠴᠢᠬᠤ ᠴᠢᠳᠠᠪᠤᠷᠢ 100 ᠲᠦᠮᠡ ᠶᠢ ᠳᠠᠪᠠᠵᠤ᠂ ᠲᠤᠭ᠎ᠠ ᠪᠠᠷᠢᠮᠲᠠ ᠶᠢᠨ ᠬᠠᠳᠠᠭᠠᠯᠠᠮᠵᠢ ᠶᠢ ᠲᠠᠰᠤᠷᠠᠯᠲᠠ ᠦᠭᠡᠢ ᠥᠷᠭᠡᠳᠬᠡᠪᠡ᠃ PC ᠦᠵᠦᠭᠦᠷ ᠲᠤ᠂ ᠬᠥᠬᠡᠬᠤᠲᠠ ᠶᠢᠨ ᠤᠯᠤᠰ ᠤᠨ ᠲᠡᠰ ᠤᠨ ᠢᠨᠲ᠋ᠧᠷ ᠰᠦᠯᠵᠢᠶᠡᠨ ᠤ ᠭᠤᠣᠯ ᠰᠢᠭᠤᠳ ᠬᠤᠯᠪᠣᠬᠤ ᠴᠡᠭ ᠢ ᠪᠠᠶᠢᠭᠤᠯᠤᠨ ᠨᠠᠪᠲᠠᠷᠡᠭᠦᠯᠵᠦ᠂ ᠪᠦᠬᠦ ᠤᠯᠤᠰ ᠤᠨ ᠤᠳᠤ ᠪᠠᠶᠢᠭ᠎ᠠ ᠪᠠᠶᠢᠭᠤᠯᠵᠤ ᠳᠠᠭᠤᠰᠬᠤ ᠦᠶ᠎ᠡ ᠳᠡᠭᠡᠨ ᠬᠠᠮᠤᠭ ᠤᠨ ᠶᠡᠭᠡ ᠥᠷᠭᠡᠨ ᠪᠦᠰᠡ ᠪᠠᠷ ᠨᠡᠪᠲᠡᠷᠡᠭᠰᠡᠨ ᠰᠢᠭᠤᠳ ᠬᠤᠯᠪᠣᠬᠤ ᠴᠡᠭ ᠪᠣᠯᠣᠨ᠎ᠠ︔ ᠰᠢᠯᠵᠢᠮᠡᠯ ᠬᠤᠯᠪᠣᠭᠠᠨ ᠤ ᠦᠵᠦᠭᠦᠷ ᠲᠤ᠂ 4G ᠰᠦᠯᠵᠢᠶᠡᠨ ᠤ ᠪᠦᠷᠬᠦᠴᠡ 98% ᠬᠦᠷᠴᠦ᠂ ᠬᠤᠳᠠ ᠶᠢᠨ ᠲᠣᠭᠤᠷᠢᠭ ᠤᠨ ᠭᠤᠣᠯᠳᠠᠯᠭ᠎ᠠ ᠲᠠᠢ ᠴᠢᠳᠠᠮᠵᠢᠲᠤ ᠣᠷᠣᠨ ᠳᠤ ᠰᠦᠯᠵᠢᠶ᠎ᠡ ᠶᠢ ᠦᠨᠳᠦᠰᠦᠨ ᠳᠡᠭᠡᠨ ᠨᠡᠶᠢᠳᠡᠮ ᠪᠦᠷᠬᠦᠭᠦᠯᠪᠡ︔ ᠪᠥᠬᠦ ᠤᠯᠤᠰ ᠤᠨ 18 ᠭᠤᠣᠯ ᠬᠤᠲᠠ ᠲᠠᠢ ᠰᠢᠭᠤᠳ ᠨᠡᠪᠲᠡᠷᠡᠬᠦ ᠴᠦᠷᠬᠡᠯᠡᠭᠡ ᠵᠠᠮ ᠨᠡᠭᠡᠭᠡᠵᠦ᠂ ᠳᠣᠲᠣᠭᠠᠳᠤ ᠳᠠᠭᠠᠨ ᠪᠥᠬᠦ ᠤᠯᠤᠰ ᠲᠤ ᠨᠡᠪᠲᠡᠷᠡᠬᠦ᠂ ᠭᠠᠳᠠᠭᠠᠳᠤ ᠳᠤ ᠣᠷᠣᠰ ᠮᠣᠩᠭᠤᠯ ᠡᠸᠦ᠋ᠷᠦᠫᠡ ᠲᠠᠢ ᠬᠤᠯᠪᠣᠭᠠᠯᠠᠬᠤ ᠰᠦᠯᠵᠢᠶᠡᠨ ᠤ ᠰᠢᠰᠲ᠋ᠧᠮᠵᠢ ᠶᠢ ᠪᠦᠷᠢᠯᠳᠦᠭᠦᠯᠵᠦ᠂ ᠲᠤᠭ᠎ᠠ ᠪᠠᠷᠢᠮᠲᠠ ᠶᠢᠨ ᠳᠠᠮᠵᠢᠭᠤᠯᠭ᠎ᠠ ᠶᠢᠨ ᠬᠤᠷᠳᠤᠴᠠ ᠶᠢ ᠲᠠᠰᠤᠷᠠᠯᠲᠠ ᠦᠭᠡᠢ ᠲᠦᠷᠭᠡᠳᠬᠡᠪᠡ᠃ ᠪᠥᠬᠦ ᠤᠯᠤᠰ ᠤᠨ ᠨᠢᠭᠡ ᠴᠣᠭᠴᠠᠵᠢᠭᠤᠯᠤᠭᠰᠠᠨ ᠪᠣᠳᠣᠯᠭ᠎ᠠ ᠶᠢᠨ ᠬᠦᠴᠦᠨ ᠤ ᠰᠦᠯᠵᠢᠶ᠎ᠡ ᠶᠢᠨ ᠤᠯᠤᠰ ︵ᠥᠪᠥᠷ ᠮᠣᠩᠭᠤᠯ︶ ᠤᠨ ᠵᠠᠩᠭᠢᠯᠠᠭ᠎ᠠ ᠶᠢᠨ ᠴᠡᠭ ᠤᠨ ᠲᠤᠭ᠎ᠠ ᠪᠠᠷᠢᠮᠲᠠ ᠶᠢᠨ ᠲᠥᠪ ᠤᠨ ᠪᠥᠭᠡᠮᠨᠡᠷᠡᠯ ᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ᠂ ︽ᠳᠡᠭᠡᠳᠦ ᠴᠢᠳᠠᠮᠵᠢᠲᠤ ᠺᠣᠮᠫᠢᠦ᠋ᠲ᠋ᠧᠷ ᠤᠨ ᠪᠣᠳᠣᠯᠭ᠎ᠠ ᠶᠢᠨ ᠬᠦᠴᠦᠨ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠬᠡᠷᠡᠭᠵᠢᠭᠦᠯᠵᠦ᠂ ᠤᠷᠢᠳ ᠬᠤᠵᠢᠳ ︽ᠬᠥᠬᠡ ᠬᠤᠲᠠ ᠶᠢᠨ ᠬᠡᠷᠡᠯ︾᠂ ᠥᠪᠥᠷ ᠮᠣᠩᠭᠤᠯ ᠤᠨ ᠬᠡᠲᠦ ᠶᠡᠭᠡ ᠲᠠᠷᠢᠬᠢ ᠵᠡᠷᠭᠡ 4 ᠬᠡᠲᠦ ᠪᠣᠳᠣᠯᠭ᠎ᠠ ᠶᠢᠨ ᠬᠡᠷᠡᠭᠯᠡᠭᠡᠨ ᠤ ᠲᠠᠪᠴᠠᠩ ᠢ ᠪᠠᠶᠢᠭᠤᠯᠵᠤ᠂ ᠲᠤᠭ᠎ᠠ ᠪᠠᠷᠢᠮᠲᠠ ᠶᠢ ᠰᠢᠢᠳᠪᠦᠷᠢᠯᠡᠬᠦ ᠲᠠᠰ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃      ᠲᠦᠷᠦᠭᠦᠴᠦᠳ ᠤᠨ ᠬᠤᠷᠠᠯ ᠠᠴᠠ ᠪᠠᠰᠠ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠳᠠ᠂ ᠵᠢᠨᠴᠢᠶᠣᠣ ᠶᠢᠨ ︽ᠦᠢᠯᠡᠰ ᠪᠣᠰᠬᠠᠵᠤ ᠰᠢᠨ᠎ᠡ ᠶᠢ ᠡᠭᠦᠳᠬᠦ︾ ᠵᠢᠱᠢᠶ᠎ᠡ ᠦᠵᠡᠭᠦᠯᠬᠦ ᠣᠷᠣᠨ ᠤ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠤᠨ ᠬᠢᠨ ᠲᠣᠭᠠᠴᠢᠯᠠᠭᠰᠠᠨ ᠠᠵᠤ ᠠᠬᠤᠢ ᠶᠢ ᠬᠡᠷᠬᠢᠨ ᠬᠥᠭᠵᠢᠭᠦᠯᠬᠦ ᠲᠤᠬᠠᠢ ᠶᠠᠷᠢᠶ᠎ᠠ ᠲᠠᠯᠪᠢᠵᠠᠢ᠃      ᠬᠤᠷᠠᠯ ᠳᠡᠭᠡᠷ᠎ᠡ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ᠂ ᠬᠥᠬᠡᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠨᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ᠂ ᠰᠤᠷᠭᠠᠭᠤᠯᠢ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃      ᠬᠤᠲᠠ ᠶᠢᠨ ᠤᠳᠤᠷᠢᠳᠤᠯᠭ᠎ᠠ ᠴᠠᠩ ᠫᠧᠢ ᠵᠥᠩ᠂ ᠸᠠᠩ ᠬᠤᠸ ᠯᠧᠢ᠂ ᠸᠧᠢ ᠬᠤᠩ ᠵᠢᠶᠦ᠋ᠨ᠂ ᠯᠢᠦ ᠵᠢᠢ ᠶᠢᠩ᠂ ᠰᠢᠦᠢ ᠱᠧᠦ ᠵᠢᠢ᠂ ᠵᠠᠩ ᠶᠦᠩ ᠸᠧᠨ᠂ ᠵᠦ ᠵᠢᠶᠠᠨ ᠭᠦᠸᠧ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢᠦ ᠵᠠᠨ ᠶᠢᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ᠂ ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠣᠷᠣᠯᠴᠠᠵᠠᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ