ᠪᠣᠣ ᠭᠠᠩ ᠮᠠᠨ ᠤ ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠤ ᠪᠠ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/5/19
       ︵ᠰᠤᠷᠪᠤᠯᠵᠢᠯᠠᠭᠴᠢ ᠶᠦᠨ ᠵᠢᠩ︶ 5 ᠳ᠋ᠤᠭᠠᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠮᠠᠨ ᠤ ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠤ ᠪᠠ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠪᠠ᠃      ᠬᠤᠳᠠ ᠶᠢᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠪᠣᠯᠣᠨ ᠬᠤᠳᠠ ᠶᠢᠨ ᠴᠡᠷᠢᠭ ᠠᠩᠭᠢ ᠪᠠ ᠣᠷᠣᠨ ᠨᠤᠲᠤᠭ ᠬᠠᠮᠲᠤᠷᠠᠨ ᠪᠠᠶᠢᠭᠤᠯᠵᠤ ᠪᠠᠶᠢᠭ᠎ᠠ ᠪᠠᠴᠢᠮ ᠪᠠᠶᠢᠳᠠᠯ ᠢ ᠠᠷᠭᠠᠴᠠᠬᠤ ᠳᠠᠶᠢᠨ ᠳᠤ ᠪᠡᠯᠡᠳᠬᠡᠬᠦ ᠪᠥᠭᠡᠮ ᠬᠦᠴᠢᠯ ᠤᠨ ᠪᠠᠶᠢᠴᠠᠭᠠᠯᠲᠠ ᠶᠢᠨ ᠰᠠᠭᠤᠷᠢᠨ ᠭᠠᠵᠠᠷ ᠲᠤ᠂ ᠪᠣᠣ ᠭᠠᠩ ᠭᠤᠣᠯᠳᠠᠯᠭ᠎ᠠ ᠲᠠᠢ ᠰᠠᠯᠠᠭ᠎ᠠ ᠲᠠᠰᠤᠭ ᠪᠣᠯᠣᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠬᠤᠢ ᠲᠠᠯᠠᠪᠠᠢ ᠳᠤ ᠬᠦᠷᠴᠦ᠂ ᠡᠮᠨᠡᠯᠭᠡ ᠶᠢᠨ ᠬᠤᠷᠢᠶᠠᠨ ᠤ ᠬᠥᠭᠵᠢᠯᠲᠡ ᠶᠢᠨ ᠲᠥᠯᠦᠪᠵᠢᠭᠦᠯᠭᠡ᠂ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠦᠲᠦᠭᠡᠨ ᠪᠠᠶᠢᠭᠤᠯᠤᠯᠲᠠ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠪᠠᠶᠢᠴᠠᠭᠠᠨ ᠰᠢᠯᠭᠠᠬᠤ ᠴᠢᠳᠠᠪᠤᠷᠢ᠂ ᠪᠠᠴᠢᠮ ᠪᠠᠶᠢᠳᠠᠯ ᠢ ᠠᠷᠭᠠᠴᠠᠬᠤ ᠶᠢ ᠲᠥᠪᠯᠡᠷᠡᠭᠦᠯᠦᠨ ᠪᠣᠯᠪᠠᠰᠤᠷᠠᠭᠤᠯᠬᠤ ᠲᠣᠭᠲᠠᠴᠠ ᠶᠢ ᠪᠠᠶᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠬᠤᠳᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠪᠣᠯᠣᠨ ᠬᠤᠳᠠ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ ᠲᠤ᠂ ᠪᠣᠣ ᠭᠠᠩ ᠰᠢᠯᠭᠠᠯᠲᠠ ᠶᠢᠨ ᠠᠵᠢᠯ ᠤᠨ ᠪᠠᠲᠤᠯᠠᠭ᠎ᠠ᠂ ᠰᠢᠯᠭᠠᠨ ᠡᠯᠰᠡᠬᠦ ᠬᠦᠷᠢᠶ᠎ᠡ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠵᠢᠭᠠᠨ ᠰᠤᠳᠤᠯᠬᠤ ᠲᠥᠪ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠡᠩᠨᠡᠭᠡ ᠶᠢ ᠬᠥᠮᠥᠵᠢᠭᠦᠯᠬᠦ ᠵᠡᠷᠭᠡ ᠠᠵᠢᠯ ᠢ ᠨᠠᠷᠢᠨ ᠬᠢᠨᠠᠮᠠᠭᠠᠢ ᠯᠠᠪᠯᠠᠨ ᠠᠰᠠᠭᠤᠪᠠ᠃      ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠤ ᠲᠠᠷᠠᠭ᠎ᠠ᠂ ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠤ ᠲᠤᠰ ᠲᠤᠰ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠪᠣᠣ ᠭᠠᠩ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ ᠴᠢᠬᠤᠯᠠᠴᠢᠯᠠᠬᠤ ᠳᠠᠭᠠᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠪᠣᠯᠣᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠪᠣᠯ ᠠᠷᠠᠳ ᠣᠯᠠᠨ ᠤ ᠡᠷᠡᠭᠦᠯ ᠮᠡᠨᠳᠦ ᠠᠵᠠ ᠵᠢᠷᠭᠠᠯ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠮᠥᠨ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠢ ᠬᠥᠭᠵᠢᠭᠦᠯᠬᠦ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ᠂ ᠴᠢᠨᠠᠷ ᠰᠠᠶᠢᠲᠠᠢ ᠥᠨᠳᠥᠷ ᠪᠦᠲᠦᠮᠵᠢᠲᠡᠶ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠬᠤ ᠬᠡᠷᠡᠭᠲᠡᠢ᠃ ᠵᠠᠩᠭᠢᠯᠠᠭ᠎ᠠ ᠶᠢᠨ ᠭᠤᠭᠴᠤᠭ᠎ᠠ ᠶᠢᠨ ᠳᠤᠲᠠᠭᠤ ᠪᠠᠭᠤᠷᠠᠢ ᠲᠠᠯ᠎ᠠ ᠪᠠᠨ ᠨᠥᠬᠦᠪᠦᠷᠢᠯᠡᠵᠦ ᠬᠦᠴᠦᠷᠬᠡᠭᠵᠢᠭᠦᠯᠬᠦ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠰᠢᠰᠲ᠋ᠧᠮ ᠳᠤ ᠳᠦᠷᠢᠮ ᠢ ᠰᠠᠶᠢᠲᠤᠷ ᠪᠠᠶᠢᠭᠤᠯᠵᠤ᠂ ᠳᠦᠷᠢᠮ ᠲᠣᠭᠲᠠᠭᠠᠯ ᠲᠣᠭᠲᠠᠭᠠᠵᠤ᠂ ᠬᠠᠮᠢᠶᠠᠷᠤᠯᠲᠠ ᠶᠢᠨ ᠲᠦᠪᠰᠢᠨ ᠪᠣᠯᠣᠨ ᠠᠵᠢᠯᠲᠠᠨ ᠤ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠡᠨᠡᠬᠦ ᠲᠣᠮᠣ ᠶᠠᠪᠤᠳᠠᠯ ᠢ ᠦᠨᠡᠨᠬᠦ ᠰᠠᠶᠢᠲᠤᠷ ᠬᠢᠵᠦ᠂ ᠤᠯᠠᠨ ᠨᠡᠶᠢᠲᠡ ᠶᠢᠨ ᠡᠮ ᠡᠮᠨᠡᠯᠭᠡ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ ᠳᠤ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠢᠨ᠎ᠡ ᠶᠢ ᠡᠭᠦᠳᠬᠦ ᠳᠤ ᠰᠢᠨ᠎ᠡ ᠬᠥᠳᠡᠯᠭᠡᠭᠦ ᠬᠦᠴᠦᠨ ᠢ ᠬᠥᠭᠵᠢᠭᠡᠬᠦ ᠬᠡᠷᠡᠭᠲᠡᠢ᠃ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠪᠦᠬᠦ ᠲᠠᠯ᠎ᠠ ᠠᠴᠠ ᠰᠤᠷᠭᠠᠨ ᠬᠥᠮᠦᠵᠢᠯ ᠢ ᠬᠠᠷᠠᠵᠤ᠂ ᠬᠤᠯᠠ ᠶᠢ ᠪᠠᠷᠠᠯᠠᠨ ᠰᠤᠷᠭᠠᠨ ᠬᠥᠮᠦᠵᠢᠯ ᠢ ᠬᠠᠷᠠᠵᠤ᠂ ︽ᠬᠦᠯᠢᠶᠡᠵᠦ ᠪᠣᠯᠬᠤ ᠦᠭᠡᠢ᠂ ᠤᠳᠠᠭᠠᠰᠢᠷᠠᠭᠤᠯᠵᠤ ᠪᠣᠯᠬᠤ ᠦᠭᠡᠢ︾ ᠬᠥᠭᠵᠢᠯᠲᠡ ᠶᠢᠨ ᠤᠬᠠᠮᠰᠠᠷ ᠢᠶᠠᠷ ᠠᠵᠠ ᠲᠣᠬᠢᠶᠠᠯ ᠢ ᠠᠮᠵᠢᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ︽ᠤᠷᠢᠳᠠᠪᠠᠷ ᠪᠣᠳᠣᠯᠬᠢᠯᠠᠬᠤ︾ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ︽ᠴᠢᠨᠠᠷ ᠰᠠᠶᠢᠲᠠᠢ︾ ᠳᠡᠭᠡᠷ᠎ᠡ ᠬᠦᠴᠦ ᠪᠠᠨ ᠲᠥᠪᠯᠡᠷᠡᠭᠦᠯᠵᠦ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠨ᠂ ᠲᠤᠰᠬᠠᠢ ᠮᠡᠷᠭᠡᠵᠢᠯᠲᠡᠨ ᠢᠶᠠᠷ ᠰᠤᠷᠭᠠᠭᠤᠯᠢ ᠶᠢ ᠵᠠᠰᠠᠬᠤ ᠶᠢ ᠪᠠᠷᠢᠮᠲᠠᠯᠠᠵᠤ᠂ ᠪᠥᠬᠦ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠳᠤ ᠨᠢᠭᠡ ᠱᠠᠲᠤ ᠨᠢ ᠨᠢᠭᠡ ᠱᠠᠲᠤ ᠪᠠᠨ ᠠᠳᠬᠤᠬᠤ᠂ ᠬᠥᠮᠥᠨ ᠪᠣᠯᠭᠠᠨ ᠡᠭᠦᠷᠭᠡᠯᠡᠨ ᠠᠵᠢᠯ ᠬᠢᠬᠦ ᠠᠵᠢᠯ ᠤᠨ ᠪᠠᠶᠢᠳᠠᠯ ᠢ ᠶᠡᠬᠡᠪᠡᠷ ᠪᠣᠶ ᠪᠣᠯᠭᠠᠵᠤ᠂ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠨᠡᠶᠢᠯᠡᠯ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠡᠢ᠃      ᠪᠣᠣ ᠭᠠᠩ ᠱᠠᠭᠠᠷᠳᠠᠬᠤ ᠳᠠᠭᠠᠨ᠂ ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠬᠥᠮᠥᠨ ᠣᠷᠣᠬᠤ ᠪᠣᠭᠤᠮᠲᠠ︾ ᠶᠢ ᠰᠠᠶᠢᠲᠤᠷ ᠰᠠᠬᠢᠵᠤ᠂ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠳᠠᠰᠤᠷᠠᠯᠳᠠ ᠦᠭᠡᠢ ᠰᠢᠩᠭᠡᠬᠡᠨ ᠠᠪᠴᠤ᠂ ᠲᠤᠰᠬᠠᠢ ᠮᠡᠷᠭᠡᠵᠢᠯ ᠤᠨ ᠬᠥᠮᠥᠨ ᠢᠶᠠᠷ ᠲᠤᠰᠬᠠᠢ ᠮᠡᠷᠭᠡᠵᠢᠯ ᠤᠨ ᠠᠵᠢᠯ ᠬᠢᠯᠭᠡᠵᠦ᠂ ᠵᠠᠯᠠᠭᠤ ᠺᠠᠳ᠋ᠷ ᠢ ᠬᠥᠮᠥᠵᠢᠭᠦᠯᠦᠨ ᠬᠡᠷᠡᠭᠯᠡᠬᠦ ᠡᠷᠴᠢᠮ ᠢᠶᠠᠨ ᠴᠢᠩᠭᠠᠷᠠᠭᠤᠯᠵᠤ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢ ᠴᠠᠭ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠠᠷᠢᠭᠤᠨ ᠴᠢᠬᠡᠴᠢ ᠪᠠᠷ ᠠᠵᠢᠯ ᠦᠢᠯᠡᠰ ᠪᠦᠲᠦᠭᠡᠬᠦ ᠺᠠᠳ᠋ᠷ ᠤᠨ ᠡᠩᠨᠡᠭᠡ ᠶᠢ ᠪᠠᠶᠢᠭᠤᠯᠤᠨ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠣᠷᠣᠨ ᠤ ᠲᠥᠪ ᠬᠤᠲᠠ ᠶᠢᠨ ᠨᠠᠰᠤᠨ ᠤ ᠠᠮᠠᠷᠠᠯᠲᠠ ᠳᠤ ᠲᠣᠬᠢᠷᠠᠮᠵᠢᠲᠠᠢ᠂ ᠰᠤᠷᠤᠯᠴᠠᠬᠤ ᠳᠤ ᠲᠣᠬᠢᠷᠠᠮᠵᠢᠲᠠᠢ ᠬᠤᠳᠠ ᠶᠢ ᠪᠦᠲᠦᠭᠡᠨ ᠪᠠᠶᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃      ᠬᠤᠳᠠ ᠶᠢᠨ ᠤᠳᠤᠷᠢᠳᠤᠯᠭ᠎ᠠ ᠰᠦᠨ ᠪᠢᠩ ᠸᠧᠨ᠂ ᠯᠢᠦ ᠴᠧᠩ ᠮᠢᠨ᠂ ᠯᠢᠦ ᠵᠢᠢ ᠶᠢᠩ᠂ ᠰᠧ ᠰᠢᠶᠣᠣ ᠶᠠᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠵᠠᠷᠢᠮ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ