︽ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠵᠢᠯᠤᠭᠤᠳᠬᠤ ᠰᠠᠨᠠᠯ︾  ᠤᠨ ᠲᠥᠷᠥ ᠶᠢᠨ ᠪᠣᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/5/19
      ᠨᠢᠭᠡ᠂ ᠨᠡᠶᠢᠲᠡᠯᠡᠭᠰᠡᠨ ᠠᠬᠤᠢ ᠪᠠᠶᠢᠳᠠᠯ      ᠠᠷᠠᠳ ᠤᠨ ᠠᠭᠠᠷ ᠤᠨ ᠰᠡᠷᠭᠡᠶᠢᠯᠡᠯᠲᠡ ᠪᠣᠯ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠢᠬᠤᠯᠠ ᠪᠦᠷᠢᠯᠳᠦᠭᠦᠨ ᠬᠡᠰᠡᠭ ᠮᠥᠨ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠳᠤ ᠤᠷᠳᠤ ᠬᠤᠭᠤᠴᠠᠭ᠎ᠠ ᠪᠠᠷ ᠪᠡᠯᠡᠳᠬᠡᠬᠦ᠂ ᠭᠤᠣᠯᠳᠠᠯᠭ᠎ᠠ ᠲᠠᠢ ᠪᠦᠲᠦᠭᠡᠨ ᠪᠠᠶᠢᠭᠤᠯᠬᠤ᠂ ᠡᠩ ᠤᠨ ᠦᠶ᠎ᠡ ᠪᠠ ᠲᠠᠶᠢᠨ ᠤ ᠦᠶ᠎ᠡ ᠶᠢ ᠤᠶᠠᠯᠳᠤᠭᠤᠯᠬᠤ ᠴᠢᠭᠯᠡᠯᠲᠡ ᠶᠢ ᠬᠡᠷᠡᠭᠵᠢᠬᠦᠯᠦᠨ᠎ᠡ᠃ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠢᠬᠤᠯᠠ ᠪᠡᠯᠡᠳᠬᠡᠮᠵᠢ ᠶᠢ ᠴᠡᠷᠢᠭ ᠠᠷᠠᠳ ᠵᠡᠷᠭᠡᠪᠡᠷ ᠬᠡᠷᠡᠭᠯᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠢ  ᠲᠤᠭᠤᠰᠢᠯᠠᠭᠤᠯᠵᠤ᠂ ᠪᠦᠲᠦᠭᠡᠨ ᠪᠠᠶᠢᠭᠤᠯᠤᠯᠲᠠ ᠶᠢᠨ ᠨᠢᠭᠡᠴᠡ ᠠᠷᠠᠳ ᠤᠨ ᠬᠡᠷᠡᠭᠯᠡᠭᠡᠨ ᠤ ᠪᠠᠷᠢᠯᠭ᠎ᠠ ᠲᠠᠢ ᠤᠶᠠᠯᠳᠤᠭᠤᠯᠤᠨ ᠠᠭᠠᠷ ᠤᠨ ᠰᠡᠷᠭᠡᠶᠢᠯᠡᠯᠲᠡ ᠶᠢᠨ ᠭᠠᠵᠠᠷ ᠳᠣᠣᠷᠠᠬᠢ ᠭᠡᠷ ᠢ ᠪᠠᠶᠢᠭᠤᠯᠬᠤ ᠬᠠᠤᠯᠢ ᠳᠤ ᠲᠣᠭᠲᠠᠭᠠᠭᠰᠠᠨ ᠡᠭᠦᠷᠭᠡ ᠪᠠᠨ ᠨᠠᠷᠢᠨ ᠬᠢᠨᠠᠮᠠᠭᠠᠢ ᠭᠦᠢᠴᠡᠳᠬᠡᠭᠰᠡᠨ ᠰᠠᠭᠤᠷᠢᠨ ᠳᠡᠭᠡᠷ᠎ᠡ᠂ ᠬᠤᠲᠠ ᠶᠢᠨ ᠰᠤᠷᠭᠠᠭᠤᠯᠢ ᠪᠣᠯᠣᠨ ᠡᠮᠨᠡᠯᠭᠡ ᠶᠢᠨ ᠬᠤᠷᠢᠶ᠎ᠠ ᠵᠡᠷᠭᠡ ᠬᠥᠮᠥᠨ ᠬᠠᠷ᠎ᠠ ᠨᠢᠭᠲᠠᠷᠠᠭᠰᠠᠨ ᠣᠯᠠᠨ ᠨᠡᠶᠢᠲᠡ ᠶᠢᠨ ᠲᠠᠯᠠᠪᠤᠷ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠢᠬᠤᠯᠠ  ᠪᠡᠯᠡᠳᠬᠡᠮᠵᠢ ᠶᠢ ᠴᠡᠷᠢᠭ ᠠᠷᠠᠳ ᠵᠡᠷᠭᠡᠪᠡᠷ ᠬᠡᠷᠡᠭᠯᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠡᠬᠢ ᠪᠠᠶᠠᠯᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ  ᠴᠢᠳᠠᠪᠬᠢ ᠶᠢ ᠴᠢᠩᠭᠠᠳᠬᠠᠬᠤ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠣᠭᠲᠠᠭᠠᠯ ᠪᠠ ︽ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠵᠢᠯᠤᠭᠤᠳᠬᠤ ᠰᠠᠨᠠᠯ︾ ᠢ ᠦᠨᠳᠦᠰᠦᠯᠡᠨ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ︽ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠬᠦ ᠲᠤᠬᠠᠢ ᠵᠢᠯᠤᠭᠤᠳᠬᠤ ᠰᠠᠨᠠᠯ︾ ᠢ ᠲᠣᠭᠲᠠᠭᠠᠨ ᠨᠡᠶᠢᠲᠡᠯᠡᠪᠡ᠃      ᠬᠤᠶᠠᠷ᠂ ᠶᠡᠷᠦᠩᠬᠡᠢ ᠱᠠᠭᠠᠷᠳᠠᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠨᠤᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠤ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ︽︿ᠭᠤᠷᠪᠠᠨ ᠬᠤᠲᠠ﹀ ᠶᠢ ᠴᠢᠷᠮᠠᠶᠢᠨ ᠪᠠᠶᠢᠭᠤᠯᠬᠤ᠂ ︿ᠳᠥᠷᠪᠡᠨ ᠣᠷᠣᠨ ᠪᠦᠰᠡ ᠶᠢᠨ ᠲᠥᠪ﹀ ᠢ ᠪᠠᠶᠢᠭᠤᠯᠬᠤ᠂ ︿ᠳᠥᠷᠪᠡᠨ ᠶᠡᠭᠡ ᠠᠵᠤ ᠠᠬᠤᠢ ᠶᠢᠨ ᠴᠠᠭᠠᠷᠢᠭ﹀ ᠲᠤ ᠠᠭᠤᠰᠤᠯᠴᠠᠬᠤ ᠶᠢ ᠠᠬᠢᠭᠤᠯᠬᠤ᠂ ︿ᠲᠠᠪᠤᠨ ᠲᠣᠬᠢᠷᠠᠮᠵᠢᠲᠠᠢ ᠬᠤᠲᠠ﹀ ᠶᠢ ᠪᠦᠲᠦᠭᠡᠨ ᠪᠠᠶᠢᠭᠤᠯᠬᠤ᠂ ︿ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ﹀ ᠢ ᠪᠣᠶᠢᠵᠢᠭᠤᠯᠬᠤ᠂ ᠰᠢᠨ᠎ᠡ ᠬᠥᠭᠵᠢᠯᠲᠡ ᠶᠢᠨ ᠣᠨᠤᠯᠵᠢᠬᠤᠨ ᠢ ᠢᠯᠡᠷᠡᠭᠦᠯᠦᠭᠰᠡᠨ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ︾ ᠬᠠᠷᠠᠯᠲᠠ ᠱᠠᠭᠠᠷᠳᠠᠯᠭ᠎ᠠ ᠶᠢᠨ ᠲᠣᠭᠤᠷᠢᠨ ᠳᠤ᠂ ︽ᠲᠥᠯᠦᠪᠵᠢᠭᠦᠯᠭᠡ ᠪᠠᠷ ᠬᠥᠲᠥᠯᠥᠨ ᠵᠢᠯᠤᠭᠤᠳᠬᠤ᠂ ᠭᠤᠣᠯᠳᠠᠯᠭ᠎ᠠ ᠶᠢ ᠳᠣᠪᠤᠶᠢᠯᠭᠠᠬᠤ᠂ ᠵᠢᠱᠢᠶ᠎ᠡ ᠦᠵᠡᠭᠦᠯᠦᠨ ᠳᠠᠶᠢᠴᠢᠯᠠᠬᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ᠂ ᠬᠠᠷᠢᠭᠤᠴᠠᠯᠭ᠎ᠠ ᠶᠢ ᠲᠣᠳᠣᠷᠬᠠᠶᠢᠯᠠᠬᠤ᠂ ᠯᠠᠪᠳᠠᠭᠤᠨ ᠢᠶᠠᠷ ᠠᠬᠢᠭᠤᠯᠬᠤ᠂ ᠮᠡᠷᠭᠡᠵᠢᠯ ᠢᠶᠠᠷ ᠬᠥᠲᠥᠯᠥᠨ ᠳᠠᠭᠠᠭᠤᠯᠬᠤ᠂ ᠪᠣᠬᠢᠷᠳᠤᠯ ᠦᠭᠡᠢ ᠪᠠᠷ ᠬᠥᠭᠵᠢᠭᠦᠯᠬᠦ︾ ᠦᠨᠳᠦᠰᠦᠨ ᠪᠦᠲᠦᠭᠡᠨ ᠪᠠᠶᠢᠭᠤᠯᠤᠯᠲᠠ  ᠶᠢᠨ ᠵᠠᠷᠴᠢᠮ ᠢ ᠪᠠᠷᠢᠮᠳᠠᠯᠠᠬᠤ ᠶᠢ ᠳᠤᠷᠠᠳᠴᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠪᠣᠯᠣᠨ ᠭᠠᠵᠠᠷ ᠳᠣᠣᠷᠠᠬᠢ ᠣᠷᠣᠨ ᠵᠠᠢ ᠶᠢᠨ ᠰᠡᠷᠭᠡᠶᠢᠯᠡᠯᠲᠡ ᠪᠠᠶᠢᠷᠢᠯᠠᠭᠤᠯᠬᠤ ᠢᠨᠵᠧᠨᠧᠷᠢᠩ ᠤᠨ ᠳᠠᠶᠢᠨ ᠤ ᠦᠶ᠎ᠡ ᠶᠢᠨ ᠴᠢᠳᠠᠮᠵᠢ ᠪᠠ ᠳᠤᠨᠢ ᠬᠠᠷᠠᠭᠠᠯᠵᠠᠬᠤ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠬᠤ ᠳᠤ ᠦᠢᠯᠡᠴᠢᠯᠡᠬᠦ  ᠶᠢ ᠬᠠᠷᠢᠯᠴᠠᠨ ᠤᠶᠠᠯᠳᠤᠭᠤᠯᠬᠤ ᠭᠤᠣᠯ ᠬᠠᠷᠠᠯᠲᠠ ᠶᠢ ᠲᠣᠳᠣᠷᠬᠠᠶᠢᠯᠠᠵᠤ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠭᠠᠵᠠᠷ ᠰᠢᠷᠣᠢ ᠶᠢᠨ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠥᠮᠥᠨ ᠬᠠᠷ᠎ᠠ ᠨᠢᠭᠲᠠᠷᠠᠭᠰᠠᠨ ᠣᠯᠠᠨ ᠨᠡᠶᠢᠲᠡ ᠶᠢᠨ ᠲᠠᠯᠠᠪᠤᠷ ᠤᠨ ᠭᠠᠵᠠᠷ ᠳᠣᠣᠷᠠᠬᠢ ᠣᠷᠣᠨ ᠵᠠᠢ ᠶᠢ ᠨᠡᠭᠡᠭᠡᠨ ᠠᠰᠢᠭᠯᠠᠬᠤ  ᠯᠤᠭ᠎ᠠ ᠠᠭᠤᠰᠤᠯᠴᠠᠭᠤᠯᠤᠨ ᠬᠥᠭᠵᠢᠭᠦᠯᠬᠦ ᠶᠢ ᠶᠡᠬᠡᠪᠡᠷ ᠠᠬᠢᠭᠤᠯᠵᠤ᠂ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠥᠮᠥᠨ ᠬᠠᠷ᠎ᠠ ᠨᠢᠭᠲᠠᠷᠠᠭᠰᠠᠨ ᠣᠯᠠᠨ ᠨᠡᠶᠢᠲᠡ ᠶᠢᠨ ᠲᠠᠯᠠᠪᠤᠷ ᠤᠨ ᠡᠷᠬᠢᠨ ᠲᠣᠭᠤᠷᠢᠨ ᠤ ᠲᠡᠷᠭᠡ ᠵᠣᠭᠰᠤᠭᠠᠬᠤ ᠪᠡᠯᠡᠳᠬᠡᠮᠵᠢ ᠶᠢᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ᠂ ᠵᠠᠮ ᠬᠠᠷᠢᠯᠴᠠᠭ᠎ᠠ ᠲᠦᠭᠵᠢᠷᠡᠬᠦ᠂ ᠬᠥᠮᠥᠨ ᠬᠠᠷ᠎ᠠ ᠳᠠᠯᠳᠠᠯᠠᠬᠤ ᠢᠨᠵᠧᠨᠧᠷᠢᠩ ᠤᠨ ᠬᠤᠪᠢ ᠶᠢᠨ ᠵᠢᠩ ᠳᠣᠣᠷ᠎ᠠ ᠪᠠᠶᠢᠬᠤ᠂ ᠡᠮᠴᠢᠯᠡᠭᠡ ᠠᠪᠤᠷᠠᠨ ᠲᠤᠰᠠᠯᠠᠬᠤ ᠢᠨᠵᠧᠨᠧᠷᠢᠩ ᠲᠤᠲᠠᠭᠳᠠᠵᠤ ᠪᠠᠶᠢᠬᠤ ᠵᠡᠷᠭᠡ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃      ᠭᠤᠷᠪᠠ᠂ ᠭᠤᠣᠯᠳᠠᠯᠭ᠎ᠠ ᠲᠠᠢ ᠡᠭᠦᠷᠭᠡ      ᠲᠠᠪᠤᠨ ᠲᠠᠯ᠎ᠠ ᠶᠢᠨ ᠪᠣᠳᠠᠲᠠᠢ ᠠᠵᠢᠯ ᠢ ᠲᠣᠳᠣᠷᠬᠠᠢ ᠪᠣᠯᠭᠠᠪᠠ᠃ ᠨᠢᠭᠡ ᠳᠤ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠲᠥᠷᠥᠯ ᠵᠦᠢᠯ ᠤᠨ ᠲᠥᠯᠦᠪᠵᠢᠭᠦᠯᠭᠡ ᠶᠢ ᠰᠠᠶᠢᠲᠤᠷ ᠠᠳᠬᠤᠨ᠎ᠠ᠂ ᠭᠤᠣᠯᠳᠠᠭᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠢ ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠥᠮᠥᠨ ᠬᠠᠷ᠎ᠠ ᠨᠢᠭᠲᠠᠷᠠᠨ ᠴᠤᠭᠯᠠᠷᠠᠭᠰᠠᠨ ᠣᠯᠠᠨ ᠨᠡᠶᠢᠲᠡ ᠶᠢᠨ ᠲᠠᠯᠠᠪᠤᠷ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠢ ᠬᠤᠯᠪᠣᠯᠳᠤᠭᠤᠯᠤᠨ ᠨᠡᠪᠲᠡᠷᠡᠭᠦᠯᠬᠦ᠂ ᠭᠤᠣᠯᠳᠠᠯᠭ᠎ᠠ ᠲᠠᠢ ᠣᠷᠣᠨ ᠪᠦᠰᠡ ᠶᠢᠨ ᠬᠦᠮᠦᠨ ᠬᠠᠷ᠎ᠠ ᠶᠢ ᠲᠠᠷᠬᠠᠭᠠᠬᠤ ᠳᠠᠯᠳᠠᠯᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠢᠵᠢ ᠪᠦᠷᠢᠳᠦᠭᠦᠯᠬᠦ ᠵᠡᠷᠭᠡ ᠳᠤᠲᠠᠭᠤᠳᠠᠯ ᠢ ᠨᠥᠬᠦᠪᠦᠷᠢᠯᠡᠬᠦ ᠢᠨᠵᠧᠨᠧᠷᠢᠩ ᠢ ᠰᠠᠨᠠᠭᠠᠴᠢᠯᠠᠭ᠎ᠠ ᠠᠴᠠ ᠢᠶᠠᠨ ᠠᠬᠢᠭᠤᠯᠤᠨ᠎ᠠ᠃ ᠬᠤᠶᠠᠷ ᠲᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠪᠡᠯᠡ ᠮᠥᠩᠭᠦ ᠶᠢᠨ ᠢᠷᠡᠯᠲᠡ ᠶᠢ ᠪᠠᠲᠤᠯᠠᠨ᠎ᠠ᠂ ᠭᠤᠣᠯᠳᠠᠭᠤ ᠬᠤᠳᠠ ᠶᠢᠨ ᠡᠪᠳᠡᠯᠭᠡ ᠰᠦᠢᠳᠦᠯ ᠢ ᠡᠰᠡᠷᠭᠦᠴᠡᠬᠦ ᠶᠡᠷᠦᠩᠬᠡᠢ ᠴᠢᠳᠠᠪᠤᠷᠢ ᠶᠢ ᠳᠡᠭᠡᠭᠰᠢᠯᠡᠭᠦᠯᠬᠦ ᠪᠠ ᠬᠤᠳᠠ ᠶᠢᠨ ᠴᠢᠳᠠᠪᠬᠢ ᠶᠢ ᠲᠡᠭᠦᠯᠳᠡᠷᠵᠢᠭᠦᠯᠬᠦ ᠶᠢ ᠪᠣᠳᠣᠯᠬᠢᠯᠠᠵᠤ᠂ ᠵᠣᠬᠢᠶᠠᠨ  ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠂ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠤᠨ ᠲᠥᠰᠥᠪ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠭᠤᠷᠪᠠ ᠳᠤ ᠮᠡᠷᠭᠡᠵᠢᠯ ᠤᠨ ᠬᠡᠷᠡᠭᠯᠡᠯᠲᠡ ᠶᠢ ᠴᠢᠩᠭᠠᠷᠠᠭᠤᠯᠤᠨ᠂ ᠢᠨᠵᠧᠨᠧᠷᠢᠩ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠂ ᠭᠤᠣᠯᠳᠠᠭᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠲᠡᠷᠢᠭᠦᠨ ᠤ ᠣᠨᠣᠯᠵᠢᠬᠤᠨ ᠪᠠ ᠰᠢᠨ᠎ᠡ ᠮᠡᠷᠭᠡᠵᠢᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠰᠢᠩᠭᠡᠬᠡᠨ ᠠᠪᠴᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠶᠠᠰᠤ ᠴᠢᠨᠠᠷ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠵᠠᠭᠪᠤᠷ ᠪᠠ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠶᠠᠰᠤ ᠴᠢᠨᠠᠷ ᠪᠠ ᠰᠢᠯᠭᠠᠨ ᠠᠪᠬᠤ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠳᠥᠷᠪᠡ ᠳᠤ ᠪᠦᠲᠦᠭᠡᠨ ᠪᠠᠶᠢᠭᠤᠯᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠪᠦᠲᠦᠭᠡᠨ ᠪᠠᠶᠢᠭᠤᠯᠬᠤ ᠲᠠᠰ ᠳᠠᠷᠠᠭᠠᠯᠠᠯ ᠢ ᠵᠢᠷᠤᠮᠵᠢᠭᠤᠯᠤᠨ᠎ᠠ᠂ ᠭᠤᠣᠯᠳᠠᠭᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ᠂ ᠣᠷᠣᠯᠠᠨ ᠪᠠᠶᠢᠭᠤᠯᠬᠤ ᠨᠢᠭᠡᠴᠡ ᠠᠴᠠ ᠪᠦᠲᠦᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠠᠮᠢᠶᠠᠷᠤᠯᠲᠠ ᠶᠠᠪᠤᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠷᠢᠭᠤᠨ ᠴᠢᠬᠡᠴᠢ ᠶᠢᠨ ᠪᠣᠭᠤᠮᠲᠠ᠂ ᠶᠠᠰᠤ ᠴᠢᠨᠠᠷ ᠤᠨ ᠪᠣᠭᠤᠮᠲᠠ᠂ ᠠᠮᠤᠷ ᠲᠦᠪᠰᠢᠨ ᠤ ᠪᠣᠭᠤᠮᠲᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠥᠬᠦ ᠶᠠᠪᠤᠴᠠ ᠳᠤ ᠲᠠᠰ ᠳᠠᠷᠠᠭᠠᠯᠠᠯ ᠨᠢ ᠵᠢᠷᠤᠮᠵᠢᠯ ᠲᠠᠢ᠂ ᠶᠠᠰᠤ ᠴᠢᠨᠠᠷ ᠨᠢ ᠡᠵᠡᠮᠳᠡᠵᠦ ᠪᠣᠯᠬᠤ᠂ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃ ᠲᠠᠪᠤ ᠳᠤ ᠳᠦᠷᠢᠮ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠡᠷᠡᠭᠯᠡᠯᠲᠡ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠂ ᠭᠤᠣᠯᠳᠠᠭᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠡᠳᠦᠷ ᠲᠤᠲᠤᠮ ᠤᠨ ᠬᠡᠷᠡᠭᠯᠡᠯᠲᠡ ᠪᠠ  ᠠᠷᠠᠴᠢᠯᠠᠵᠤ ᠬᠠᠮᠠᠭᠠᠯᠠᠬᠤ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠬᠡᠷᠡᠭᠯᠡᠯᠲᠡ ᠪᠠ ᠠᠷᠠᠴᠢᠯᠠᠵᠤ ᠬᠠᠮᠠᠭᠠᠯᠠᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃      ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ᠨᠢᠭᠡ ᠳᠤ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠶᠢ ᠴᠢᠩᠭᠠᠷᠠᠭᠤᠯᠤᠨ᠂ ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠦᠴᠦ ᠪᠠᠨ ᠬᠠᠮᠳᠤᠳᠬᠠᠨ ᠰᠠᠶᠢᠳᠤᠷ ᠬᠢᠬᠦ ᠬᠡᠷᠡᠭᠲᠡᠢ᠃ ᠬᠤᠶᠠᠷ ᠲᠤ᠂ ᠠᠵᠢᠯ ᠤᠨ ᠬᠢᠨᠠᠨ ᠵᠢᠯᠣᠭᠤᠳᠤᠯᠭ᠎ᠠ ᠶᠢ ᠴᠢᠩᠭᠠᠳᠬᠠᠨ᠎ᠠ᠃ ᠬᠤᠳᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠨᠢ ᠡᠯ᠎ᠡ ᠭᠠᠵᠠᠷ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠬᠢᠨᠠᠨ ᠵᠢᠯᠤᠭᠤᠳᠬᠤ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠥᠭᠬᠦ᠂ ᠮᠡᠷᠭᠡᠵᠢᠯ ᠤᠨ ᠵᠢᠯᠣᠭᠤᠳᠤᠯᠭ᠎ᠠ ᠬᠢᠬᠦ ᠪᠠ ᠲᠥᠷᠥᠯ ᠵᠦᠢᠯ ᠢ ᠬᠢᠨᠠᠨ ᠵᠥᠪᠰᠢᠶᠡᠷᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠬᠡᠷᠡᠭᠲᠡᠢ᠃ ᠭᠤᠷᠪᠠ ᠳᠤ ᠤᠬᠠᠭᠤᠯᠤᠨ ᠬᠥᠲᠥᠯᠥᠨ ᠵᠢᠯᠤᠭᠤᠳᠬᠤ ᠶᠢ ᠰᠠᠶᠢᠲᠤᠷ ᠬᠢᠨ᠎ᠡ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠰᠣᠨᠢᠨ ᠮᠡᠳᠡᠭᠡᠨ ᠤ ᠵᠠᠭᠤᠴᠢᠯᠠᠭᠤᠷ ᠢ ᠭᠦᠢᠴᠡᠳ ᠠᠰᠢᠭᠯᠠᠨ᠂ ᠬᠤᠲᠠ ᠶᠢᠨ ᠰᠤᠷᠭᠠᠭᠤᠯᠢ ᠪᠣᠯᠣᠨ ᠡᠮᠨᠡᠯᠭᠡ ᠶᠢᠨ ᠬᠤᠷᠢᠶ᠎ᠠ ᠵᠡᠷᠭᠡ ᠬᠥᠮᠥᠨ ᠬᠠᠷ᠎ᠠ  ᠨᠢᠭᠲᠠᠷᠠᠭᠰᠠᠨ ᠣᠯᠠᠨ ᠨᠡᠶᠢᠲᠡ ᠶᠢᠨ ᠲᠠᠯᠠᠪᠤᠷ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠳᠡᠯᠭᠡᠷᠡᠭᠦᠯᠵᠦ ᠪᠣᠯᠬᠤ᠂ ᠬᠠᠭᠤᠯᠪᠤᠷᠢᠯᠠᠵᠤ ᠪᠣᠯᠬᠤ ᠲᠤᠷᠰᠢᠯᠭ᠎ᠠ ᠶᠢ ᠴᠠᠭ ᠲᠤᠬᠠᠢ ᠳᠤᠨᠢ ᠳ᠋ᠦᠩᠨᠡᠨ ᠪᠣᠶ ᠪᠣᠯᠭᠠᠬᠤ ᠬᠡᠷᠡᠭᠲᠡᠢ᠃      ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ      ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠬᠠᠷᠢᠯᠴᠠᠬᠤ ᠬᠥᠮᠥᠨ᠄ ᠯᠢ ᠭᠦᠸᠧ ᠳ᠋ᠦᠩ᠂ ᠬᠠᠷᠢᠯᠴᠠᠬᠤ ᠤᠲᠠᠰᠤ᠄ 0471-3386106
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ