︵ᠰᠤᠷᠪᠤᠯᠵᠢᠯᠠᠭᠴᠢ ᠯᠢᠦ ᠯᠢ ᠰᠢᠶᠠ︶ 2022 ᠣᠨ ᠤ 5 ᠳ᠋ᠤᠭᠠᠷ ᠰᠠᠷ᠎ᠠ ᠶᠢᠨ 19 ᠤ ᠡᠳᠦᠷ ᠪᠣᠯ 12 ᠳᠠᠬᠢ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ | ᠪᠣᠯᠣᠨ᠎ᠠ᠂ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠴᠢᠩ ᠱᠦᠢ ᠾᠧ ᠰᠢᠶᠠᠨ ᠤ ᠨᠠᠮ ᠤᠨ ᠬᠤᠷᠢᠶ᠎ᠠ ᠠᠴᠠ ᠡᠷᠬᠢᠯᠡᠭᠰᠡᠨ 2022 ᠣᠨ ᠤ ︽ | ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠬᠥᠬᠡᠬᠤᠲᠠ ᠶᠢᠨ ᠬᠤᠪᠢᠶᠠᠷᠢ ᠬᠤᠷᠠᠯ ᠤᠨ ᠲᠠᠯᠠᠪᠠᠢ ᠶᠢᠨ ᠰᠢᠷᠢᠰ ᠠᠵᠢᠯᠯᠠᠭ᠎ᠠ ᠵᠢᠴᠢ ᠬᠤᠶᠠᠳᠤᠭᠠᠷ ᠬᠤᠭᠤᠴᠠᠭᠠᠨ ᠤ | ᠬᠥᠬᠡᠬᠤᠲᠠ ᠶᠢᠨ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠲᠤᠰ ᠡᠳᠦᠷ ᠯᠣᠣ ᠨᠢᠦ ᠸᠠᠨ ᠤ ᠬᠠᠳᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠦᠵᠡᠮᠵᠢ ᠶᠢᠨ | ᠣᠷᠣᠨ ᠳᠤ ᠶᠠᠪᠤᠭᠳᠠᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠸᠠᠩ ᠬᠤᠤ ᠯᠧᠢ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠢ᠃ | ᠸᠠᠩ ᠬᠤᠤ ᠯᠧᠢ ᠪᠠᠶᠠᠷ ᠤᠨ ᠦᠭᠡᠨ ᠳᠡᠭᠡᠨ᠂ ᠲᠤᠰ ᠤᠳᠠᠭ᠎ᠠ ᠶᠢᠨ ᠠᠵᠢᠯᠯᠠᠭ᠎ᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠭᠰᠡᠨ ᠤᠷᠢᠲᠠᠯ | ᠳᠣᠣᠷ᠎ᠠ᠂ ᠤᠯᠠᠨ ᠢᠶᠠᠷ ᠢᠶᠠᠨ ᠵᠢᠭᠤᠯᠴᠢᠯᠠᠯ ᠤᠨ ᠠᠵᠢᠯᠯᠠᠭ᠎ᠠ ᠳᠤ ᠥᠷᠭᠡᠨ ᠢᠶᠠᠷ ᠣᠷᠣᠯᠴᠠᠵᠤ᠂ ᠠᠶᠠᠯᠠᠯ ᠳᠤᠮᠳᠠ ᠪᠠᠨ ᠳᠤᠮᠳᠠᠳᠤ ᠶᠢᠨ ᠥᠷᠭᠡᠨ ᠳᠡᠯᠭᠡᠷ ᠭᠦᠨ ᠭᠦᠨᠵᠡᠭᠡᠢ ᠰᠣᠶᠣᠯ ᠢ | ᠣᠶᠢᠯᠠᠭᠠᠬᠤ ᠶᠢ ᠵᠣᠷᠢᠭᠵᠢᠭᠤᠯᠵᠠᠢ᠃ ᠡᠭᠦᠨ ᠤ ᠬᠠᠮᠲᠤ ᠣᠶᠢᠷ᠎ᠠ ᠶᠢᠨ ᠵᠢᠯ ᠤᠨ ᠲᠤᠷᠰᠢᠬᠢ ᠮᠠᠨ ᠤ ᠬᠤᠳᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ | ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠵᠢᠭᠤᠯᠴᠢᠯᠠᠭᠴᠢᠳ ᠲᠤ ᠬᠠᠳᠤᠨ ᠭᠤᠣᠯ ᠳᠤ ᠣᠩᠭᠤᠴᠠ ᠰᠡᠯᠢᠬᠦ ᠳᠤᠮᠳᠠ ᠳᠤᠮᠳᠠᠳᠤ ᠶᠢᠨ ᠪᠣᠯᠪᠠᠰᠤᠨ ᠢ | ᠣᠶᠢᠯᠠᠭᠠᠭᠤᠯᠵᠤ᠂ ᠴᠡᠯᠡᠭᠡᠷ ᠲᠠᠯ᠎ᠠ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢ ᠮᠡᠳᠡᠷᠡᠭᠦᠯᠪᠡ ᠭᠡᠵᠡᠢ᠃ | ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ︾ ᠶᠢᠨ ᠬᠤᠭᠤᠴᠠᠭᠠᠨ ᠳᠤ᠂ ᠮᠠᠨ ᠤ ᠬᠤᠲᠠ ︽ᠦᠵᠡᠰᠬᠦᠯᠡᠩᠲᠦ ᠰᠠᠶᠢᠬᠠᠨ ᠬᠥᠬᠡᠬᠤᠲᠠ᠂ ᠥᠨᠢᠷ ᠪᠠᠶᠠᠯᠢᠭ | ᠲᠠᠯ᠎ᠠ ᠶᠢᠨ ᠬᠤᠲᠠ︾ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ ᠪᠠᠷ ᠵᠢᠯᠣᠭᠤᠳᠤᠮᠵᠢ ᠪᠣᠯᠭᠠᠵᠤ᠂ ᠰᠣᠶᠣᠯ ᠵᠢᠭᠤᠯᠴᠢᠯᠠᠯ ᠤᠨ ᠡᠬᠢ | ᠪᠠᠶᠠᠯᠢᠭ ᠢ ᠭᠦᠨᠵᠡᠭᠡᠢ ᠠᠭᠤᠳᠠᠯᠵᠤ᠂ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠵᠤ᠂ | ᠣᠷᠣᠨ ᠤ ᠲᠥᠪ ᠬᠤᠲᠠ ᠶᠢ ᠬᠤᠲᠠ ᠶᠢᠨ ᠠᠷᠠᠳ ᠪᠠ ᠵᠢᠭᠤᠯᠴᠢᠯᠠᠭᠴᠢᠳ ᠤᠨ ᠢᠳᠡᠵᠦ ᠤᠤᠭᠤᠬᠤ ᠬᠤᠨᠣᠵᠤ ᠬᠡᠪᠲᠡᠬᠦ ᠳᠤ ᠲᠠᠭᠠᠯᠠᠮᠵᠢᠲᠠᠢ᠂ ᠶᠠᠪᠤᠵᠤ ᠰᠠᠭᠤᠬᠤ ᠳᠤ ᠳᠥᠭᠦᠮ | ᠳᠥᠲᠡ᠂ ᠵᠤᠭᠠᠴᠠᠨ ᠨᠠᠭᠠᠳᠬᠤ ᠳᠤ ᠬᠠᠨᠤᠮᠵᠢᠲᠠᠢ᠂ ᠡᠳ᠋ ᠪᠠᠷᠠᠭ᠎ᠠ ᠬᠤᠳᠠᠯᠳᠤᠨ ᠠᠪᠬᠤ ᠳᠤ ᠲᠠᠭᠠᠲᠠᠢ ︽ᠣᠷᠣᠨ ᠪᠦᠰᠡ ᠶᠢᠨ ᠰᠡᠯᠡᠭᠦᠴᠡᠯ ᠠᠮᠠᠷᠠᠯᠲᠠ ᠶᠢᠨ ᠲᠥᠪ︾ ᠪᠣᠯᠭᠠᠨ | ᠪᠦᠲᠦᠭᠡᠨ ᠪᠠᠶᠢᠭᠤᠯᠵᠤ᠂ ᠬᠥᠬᠡᠬᠤᠲᠠ ᠶᠢ ᠬᠤᠶᠢᠨ᠎ᠠ ᠪᠠᠨ ᠲᠠᠯ᠎ᠠ ᠨᠤᠲᠤᠭ ᠲᠠᠢ᠂ ᠪᠠᠷᠠᠭᠤᠨ ᠲᠠᠯ᠎ᠠ ᠳᠠᠭᠠᠨ ᠡᠯᠡᠰᠦᠨ ᠴᠥᠯ ᠲᠠᠢ᠂ ᠡᠮᠦᠨ᠎ᠡ ᠪᠠᠨ ᠬᠠᠲᠤᠨ ᠭᠤᠣᠯ ᠲᠠᠢ᠂ ᠵᠡᠭᠦᠨᠰᠢ | ᠪᠡᠭᠡᠵᠢᠩ ᠲᠢᠶᠠᠨᠵᠢᠨ ᠢ ᠪᠠᠷᠠᠯᠠᠬᠤ ︽ᠵᠢᠭᠤᠯᠴᠢᠯᠠᠬᠤ ᠳᠤ ᠲᠣᠬᠢᠷᠠᠮᠵᠢᠲᠠᠢ︾ ᠬᠤᠲᠠ ᠪᠣᠯᠭᠠᠨ ᠪᠦᠲᠦᠭᠡᠨ ᠪᠠᠶᠢᠭᠤᠯᠤᠨ᠎ᠠ᠃ | ᠣᠶᠢᠯᠠᠭᠠᠭᠰᠠᠨ ᠢᠶᠠᠷ᠂ ᠡᠨᠡ ᠵᠢᠯ ᠤᠨ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠨᠢ ︽ᠳᠤᠮᠳᠠᠳᠤ ᠶᠢᠨ ᠰᠣᠶᠣᠯ ᠢ ᠣᠶᠢᠯᠠᠭᠠᠬᠤ ᠰᠡᠳᠬᠢᠯ ᠬᠠᠩᠬᠤᠯᠤᠭᠤᠨ | ᠠᠶᠠᠨ︾ ᠢᠶᠠᠷ ᠭᠤᠣᠯ ᠰᠡᠳᠦᠪ ᠪᠣᠯᠭᠠᠭᠰᠠᠨ ᠪᠠᠶᠢᠨ᠎ᠠ᠃ ᠠᠵᠢᠯᠯᠠᠭ᠎ᠠ ᠶᠢᠨ ᠠᠬᠤᠢ ᠲᠠᠯᠠᠪᠠᠢ ᠳᠤ᠂ ᠡᠯᠪᠡᠭ ᠪᠠᠶᠠᠯᠢᠭ ᠰᠣᠶᠣᠯ ᠵᠢᠭᠤᠯᠴᠢᠯᠠᠯ ᠢᠶᠠᠷ ᠠᠷᠠᠳ ᠲᠤ ᠠᠰᠢᠭ ᠬᠦᠷᠲᠡᠭᠡᠬᠦ | ᠠᠵᠢᠯᠯᠠᠭ᠎ᠠ ᠥᠷᠨᠢᠭᠦᠯᠦᠨ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠲᠠᠨᠢᠯᠴᠠᠭᠤᠯᠤᠭᠰᠠᠨ ᠪᠥᠭᠡᠳ ᠤᠯᠠᠭᠠᠨᠲᠤᠶᠠᠭ᠎ᠠ᠂ ᠰᠣᠶᠤᠯᠴᠡᠴᠡᠭ᠂ ᠵᠢᠢ ᠰᠢᠩ ᠵᠡᠷᠭᠡ 8 ᠣᠷᠣᠯᠠᠨ | ᠥᠭᠦᠯᠡᠭᠴᠢ ᠳᠤ ᠬᠥᠬᠡᠬᠤᠲᠠ ᠶᠢᠨ ᠰᠣᠶᠣᠯ ᠵᠢᠭᠤᠯᠴᠢᠯᠠᠯ ᠢ ᠤᠬᠠᠭᠤᠯᠤᠨ ᠳᠡᠯᠭᠡᠷᠡᠭᠦᠯᠬᠦ ᠡᠯᠴᠢᠨ ᠤ ᠤᠷᠢᠯᠭ᠎ᠠ ᠶᠢᠨ ᠪᠢᠴᠢᠭ ᠭᠠᠷᠳᠠᠭᠤᠯᠪᠠ︔ ᠬᠤᠲᠠ ᠶᠢᠨ ᠱᠠᠲᠤᠨ ᠤ ᠪᠣᠯᠪᠠᠰᠤᠨ | ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠡ ᠶᠢᠨ ᠲᠥᠯᠥᠭᠡᠯᠡᠭᠴᠢ ᠳᠤ ᠫᠠᠶᠢᠰᠠ ᠢᠯᠡᠷᠬᠡᠶᠢᠯᠡᠯ ᠣᠯᠭᠤᠪᠠ᠃ ᠠᠬᠤᠢ ᠲᠠᠯᠠᠪᠠᠢ ᠳᠤ ᠪᠠᠰᠠ ︽ᠪᠣᠯᠪᠠᠰᠤᠨ ᠵᠢᠭᠤᠯᠴᠢᠯᠠᠯ ᠤᠨ | ᠰᠠᠨᠠᠭᠠᠴᠢᠯᠠᠭ᠎ᠠ ᠶᠢᠨ ᠪᠢᠴᠢᠭ︾ ᠢ ᠤᠩᠰᠢᠵᠤ᠂ ᠬᠥᠮᠥᠨ ᠪᠦᠬᠦᠨ ᠵᠢᠭᠤᠯᠴᠢᠯᠠᠯ ᠳᠤ ᠣᠷᠤᠯᠴᠠᠬᠤ᠂ ᠬᠥᠮᠥᠨ ᠪᠦᠬᠦᠨ ᠵᠢᠭᠤᠯᠴᠢᠯᠠᠯ ᠢ ᠳᠡᠮᠵᠢᠬᠦ᠂ ᠬᠥᠮᠥᠨ ᠪᠦᠬᠦᠨ ᠪᠣᠯᠪᠠᠰᠤᠨ ᠢᠶᠠᠷ | ᠵᠢᠭᠤᠯᠴᠢᠯᠠᠬᠤ ᠶᠢ ᠰᠠᠨᠠᠭᠠᠴᠢᠯᠠᠪᠠ︔ ᠠᠬᠤᠢ ᠲᠠᠯᠠᠪᠠᠢ ᠳᠤ ᠴᠢᠩ ᠱᠦᠢ ᠾᠧ ᠰᠢᠶᠠᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ᠂ ᠡᠮᠨᠡᠯᠭᠡ ᠶᠢᠨ ᠠᠵᠢᠯᠲᠠᠨ᠂ | ᠲᠦᠷᠭᠡᠨ ᠬᠦᠷᠭᠡᠯᠲᠡ ᠶᠢᠨ ᠠᠵᠢᠯᠲᠠᠨ ᠵᠡᠷᠭᠡ ᠤᠯᠠᠨ ᠲᠦᠮᠡᠨ ᠤ ᠲᠥᠯᠥᠭᠡᠯᠡᠭᠴᠢᠳ ᠲᠤ ᠵᠢᠭᠤᠯᠴᠢᠯᠠᠯ ᠤᠨ ᠠᠷᠠᠳ ᠲᠤ ᠠᠰᠢᠭ ᠬᠦᠷᠲᠡᠭᠡᠬᠦ ᠺᠠᠷᠲ ᠵᠢᠴᠢ A ᠳᠡᠰ ᠤᠨ | ᠦᠵᠡᠮᠵᠢ ᠶᠢᠨ ᠣᠷᠣᠨ ᠤ ᠡᠭᠦᠳᠡᠨ ᠪᠢᠯᠧᠲ ᠬᠦᠷᠭᠡᠪᠡ᠃ |