ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠢᠷᠭᠤᠳᠤᠭᠠᠷ ᠤᠳᠠᠭᠠᠨ ᠤ ᠡᠷᠬᠢᠯᠡᠭᠴᠢᠳ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/20
ᠴᠠᠩ ᠫᠧᠢ ᠵᠦᠩ ᠬᠤᠷᠠᠯ ᠢ ᠡᠷᠬᠢᠯᠡᠪᠡ      5 ᠳ᠋ᠤᠭᠠᠷ ᠰᠠᠷ᠎ᠠ ᠶᠢᠨ 19 ᠤ ᠡᠳᠦᠷ᠂ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠢᠷᠭᠤᠳᠤᠭᠠᠷ ᠤᠳᠠᠭᠠᠨ ᠤ ᠡᠷᠬᠢᠯᠡᠭᠴᠢᠳ ᠤᠨ ᠬᠤᠷᠠᠯ ᠢ ᠬᠤᠷᠠᠯᠳᠤᠭᠤᠯᠪᠠ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠠᠩ ᠫᠧᠢ ᠵᠥᠩ ᠬᠤᠷᠠᠯ ᠢ ᠡᠷᠭᠢᠯᠡᠵᠦ᠂ ᠳᠡᠳ᠋ ᠡᠷᠬᠢᠯᠡᠭᠴᠢ ᠦ᠋ ᠸᠧᠨ ᠮᠢᠩ᠂ ᠯᠠᠨ ᠹᠧᠩ᠂ ᠭᠦᠸᠧ ᡁᠢ ᠭᠠᠩ᠂ ᠶᠢᠨ ᠴᠦᠨ ᠯᠢᠶᠠᠩ᠂ ᠵᠠᠩ ᠵᠥᠩ ᠳ᠋ᠦᠩ᠂ ᠶᠦᠨ ᠢᠦᠢ ᠮᠧᠶ᠂ ᠨᠠᠷᠢᠨ ᠪᠢᠴᠢᠭ ᠤᠨ ᠳᠠᠷᠤᠭ᠎ᠠ ᠵᠠᠩ ᠰᠢᠶᠣᠣ ᠹᠠᠨ ᠬᠤᠷᠠᠯ ᠳᠤ ᠣᠷᠣᠯᠴᠠᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ︽ᠬᠥᠬᠡᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠲᠣᠭᠲᠠᠭᠠᠬᠤ ᠠᠵᠢᠯ ᠤᠨ ᠳᠦᠷᠢᠮ ︵ᠵᠠᠰᠠᠪᠤᠷᠢ ᠣᠷᠣᠭᠤᠯᠬᠤ ᠲᠥᠰᠥᠯ︶︾ ︽ᠬᠥᠬᠡᠬᠤᠲᠠ ᠶᠢᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠲᠣᠭᠲᠠᠭᠠᠬᠤ ᠮᠡᠷᠭᠡᠵᠢᠯ ᠤᠨ ᠵᠢᠷᠤᠮᠵᠢᠯ ︵ᠵᠠᠰᠠᠪᠤᠷᠢ ᠣᠷᠣᠭᠤᠯᠬᠤ ᠲᠥᠰᠥᠯ︶ ︾ ︽ᠬᠥᠬᠡᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ ᠳᠦᠷᠢᠮ﹀ ᠢ ᠬᠡᠷᠡᠭᠵᠢᠭᠦᠯᠬᠦ ᠨᠠᠷᠢᠨ ᠳᠦᠷᠢᠮ ︵ᠲᠥᠰᠥᠯ︶︾ ᠵᠡᠷᠭᠡ 7 ᠬᠠᠤᠯᠢ ᠲᠣᠭᠲᠠᠭᠠᠬᠤ ᠠᠵᠢᠯ ᠤᠨ ᠳᠦᠷᠢᠮ ᠢ ᠬᠢᠨᠠᠨ ᠵᠥᠪᠯᠡᠪᠡ᠃ ᠬᠤᠷᠠᠯ ᠠᠴᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ︽ᠬᠤᠲᠠ ᠶᠢᠨ ᠠᠷᠠᠳ ᠤᠨ ᠰᠢᠭᠦᠬᠦ ᠬᠤᠷᠢᠶ᠎ᠠ ᠶᠢᠨ ᠪᠦᠬᠦ ᠬᠤᠲᠠ ᠶᠢᠨ ᠰᠢᠭᠦᠨ ᠲᠠᠰᠤᠯᠬᠤ ᠪᠠᠶᠢᠭᠤᠯᠭ᠎ᠠ ᠶᠢᠨ ᠢᠷᠭᠡᠨ ᠤ ᠵᠠᠷᠭᠤ ᠶᠢᠨ ᠵᠢᠷᠤᠮ ᠢ ᠳᠥᠭᠦᠮᠴᠢᠯᠡᠵᠦ ᠰᠠᠯᠭᠠᠬᠤ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ︾ ᠶᠢ ᠬᠢᠨᠠᠨ ᠵᠥᠪᠯᠡᠭᠰᠡᠨ ᠰᠠᠨᠠᠯ ᠂ ᠪᠦᠬᠦ ᠬᠤᠳᠠ ᠶᠢᠨ ᠪᠠᠶᠢᠴᠠᠭᠠᠬᠤ ᠪᠠᠶᠢᠭᠤᠯᠭ᠎ᠠ ᠶᠢᠨ ᠵᠠᠭᠠᠯᠳᠤᠯᠭ᠎ᠠ ᠭᠤᠮᠣᠳᠠᠯ ᠲᠣᠭᠠᠴᠢᠯᠲᠠ ᠶᠢᠨ ᠬᠡᠷᠡᠭ ᠢ ᠰᠢᠢᠳᠪᠦᠷᠢᠯᠡᠭᠰᠡᠨ ᠠᠵᠢᠯ ᠤᠨ ᠪᠠᠶᠢᠳᠠᠯ ᠢ ᠪᠠᠶᠢᠴᠠᠭᠠᠨ ᠦᠵᠡᠬᠦ ᠲᠤᠬᠠᠢ ᠬᠡᠷᠡᠭᠵᠢᠭᠦᠯᠬᠦ ᠲᠥᠰᠥᠯ᠂ ᠬᠤᠳᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠳᠡᠪᠰᠢᠭᠦᠯᠦᠭᠰᠡᠨ ᠲᠥᠯᠥᠭᠡᠯᠡᠭᠴᠢᠳ ᠤᠨ ᠨᠡᠷ᠎ᠡ ᠬᠤᠯᠪᠣᠨ ᠳᠤᠷᠠᠳᠤᠭᠰᠠᠨ ︽︿ᠬᠥᠬᠡᠬᠤᠲᠠ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠳᠦᠷᠢᠮ﹀ ᠢ ᠲᠣᠭᠲᠠᠭᠠᠬᠤ ᠲᠤᠬᠠᠢ ᠵᠥᠪᠯᠡᠯᠭᠡ︾ ︵8 ᠳ᠋ᠤᠭᠠᠷ ᠲᠣᠭᠠᠲᠤ︶ ᠶᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠣᠲᠣᠭᠠᠳᠤ ᠵᠤᠷᠭᠠᠨ ᠤ ᠵᠥᠪᠯᠡᠯ ᠤᠨ ᠮᠡᠳᠡᠭᠦᠯᠦᠯᠲᠡ ︵ᠲᠥᠰᠥᠯ︶ ᠶᠢ ᠬᠢᠨᠠᠨ ᠵᠥᠪᠯᠡᠪᠡ᠃       ᠬᠤᠷᠠᠯ ᠠᠴᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ︽2020 ᠣᠨ ᠤ ᠬᠤᠲᠠ ᠶᠢᠨ ᠲᠤᠰ ᠱᠠᠲᠤᠨ ᠤ ᠲᠥᠰᠥᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠣᠳᠣᠯᠲᠠ ᠳᠤ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠬᠤᠲᠠ ᠶᠢᠨ ᠵᠠᠰᠠᠭ ᠤᠨ ᠣᠷᠳᠣᠨ ᠤ ᠮᠡᠳᠡᠭᠦᠯᠦᠯᠲᠡ︾ ᠶᠢ ᠬᠢᠨᠠᠨ ᠵᠥᠪᠯᠡᠭᠰᠡᠨ ᠰᠠᠨᠠᠯ᠂ 2022 ᠣᠨ ᠤ ᠳᠡᠭᠡᠷ᠎ᠡ ᠬᠠᠭᠠᠰ ᠵᠢᠯ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠪᠠᠶᠢᠳᠠᠯ ᠤᠨ ᠲᠤᠬᠠᠢ ᠬᠤᠲᠠ ᠶᠢᠨ ᠵᠠᠰᠠᠭ ᠤᠨ ᠣᠷᠳᠣᠨ ᠤ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠬᠦ ᠠᠵᠢᠯ ᠤᠨ ᠲᠥᠰᠥᠯ ᠂ ︽ᠪᠥᠬᠦ ᠬᠤᠲᠠ ᠶᠢᠨ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠤᠨ ᠲᠤᠬᠠᠢ ᠬᠤᠲᠠ ᠶᠢᠨ ᠵᠠᠰᠠᠭ ᠤᠨ ᠣᠷᠳᠣᠨ ᠤ ᠮᠡᠳᠡᠭᠦᠯᠦᠯᠲᠡ︾ ᠶᠢ ᠬᠢᠨᠠᠨ ᠵᠥᠪᠯᠡᠭᠰᠡᠨ ᠰᠠᠨᠠᠯ᠂ ᠮᠠᠨ ᠤ ᠬᠤᠲᠠ ᠶᠢᠨ ᠣᠶ ᠮᠣᠳᠣᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠦᠵᠡᠬᠦ ᠬᠡᠷᠡᠭᠵᠢᠭᠦᠯᠬᠦ ᠲᠥᠰᠥᠯ᠂ ︽ᠬᠤᠲᠠ ᠶᠢᠨ ᠵᠠᠰᠠᠭ ᠤᠨ ᠣᠷᠳᠣᠨ ᠤ ᠳᠡᠪᠰᠢᠭᠦᠯᠦᠨ ᠬᠢᠨᠠᠨ ᠵᠥᠪᠯᠡᠭᠦᠯᠦᠭᠰᠡᠨ ᠬᠥᠬᠡᠬᠤᠲᠠ ᠶᠢᠨ ᠬᠡᠰᠡᠭ ᠵᠠᠮ ᠢ ᠨᠡᠷᠡᠶᠢᠳᠴᠦ ᠨᠡᠷ᠎ᠡ ᠶᠢ ᠨᠢ ᠬᠠᠯᠠᠬᠤ ᠲᠤᠬᠠᠢ ᠵᠥᠪᠯᠡᠯᠭᠡ︾ ᠶᠢ ᠬᠢᠨᠠᠨ ᠵᠥᠪᠯᠡᠭᠰᠡᠨ ᠰᠠᠨᠠᠯ᠂ ᠮᠠᠨ ᠤ ᠬᠤᠲᠠ ᠶᠢᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠬᠦ ᠬᠡᠷᠡᠭᠵᠢᠭᠦᠯᠬᠦ ᠲᠥᠰᠥᠯ ᠢ ᠬᠢᠨᠠᠨ ᠵᠥᠪᠯᠡᠪᠡ᠃ ᠬᠤᠷᠠᠯ ᠠᠴᠠ ᠪᠠᠰᠠ ᠬᠤᠳᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠷᠪᠠᠳᠤᠭᠠᠷ ᠬᠤᠷᠠᠯᠳᠤᠭᠠᠨ ᠤ ᠵᠥᠪᠯᠡᠬᠦ ᠵᠦᠢᠯ ︵ᠲᠥᠰᠥᠯ︶᠂ ᠡᠳᠦᠷ ᠤᠨ ᠲᠠᠷᠠᠭᠠᠯᠠᠯ ︵ᠲᠥᠰᠥᠯ︶ ᠢ ᠰᠤᠳᠤᠯᠪᠠ᠃ ︵ᠯᠢᠦ ᠬᠤᠢ ᠬᠤᠢ︶
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ