ᠮᠠᠨ ᠤ ᠬᠤᠲᠠ ᠶᠢᠨ 2022 ᠣᠨ ᠤ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠦᠢᠯᠡᠳᠪᠦᠷᠢᠯᠡᠭᠴᠢ ᠳᠤ ᠨᠥᠬᠦᠪᠦᠷᠢ ᠥᠭᠬᠦ ᠲᠥᠷᠥ ᠶᠢᠨ | ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠲᠠ ᠳᠤ ᠪᠠᠭᠤᠯᠭᠠᠭᠰᠠᠨ ᠠᠮᠤ ᠪᠤᠳᠠᠭᠠᠨ ᠤ | ᠦᠢᠯᠡᠳᠪᠦᠷᠢᠯᠡᠯ ᠤᠨ ᠡᠭᠦᠷᠭᠡ ᠪᠠ ᠰᠢᠷ᠎ᠠ ᠪᠤᠷᠴᠠᠭ ᠲᠣᠰᠤᠯᠢᠭ ᠲᠠᠷᠢᠮᠠᠯ ᠢ ᠥᠷᠭᠡᠳᠬᠡᠨ ᠳᠠᠷᠢᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢᠨ | ᠲᠤᠰᠠᠳᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ︽ᠬᠥᠬᠡᠬᠤᠲᠠ ᠶᠢᠨ 2022 ᠣᠨ ᠤ ᠡᠷᠳᠡᠨᠢ ᠰᠢᠰᠢ᠂ ᠰᠢᠷ᠎ᠠ | ᠪᠤᠷᠴᠠᠭ ᠪᠠ ᠲᠥᠮᠥᠰᠥ ᠦᠢᠯᠡᠳᠪᠦᠷᠢᠯᠡᠭᠴᠢ ᠳᠤ ᠨᠥᠬᠦᠪᠦᠷᠢ ᠥᠭᠬᠦ ᠬᠡᠷᠡᠭᠵᠢᠭᠦᠯᠬᠦ ᠲᠥᠰᠥᠯ︾ ᠢ ᠲᠣᠭᠲᠠᠭᠠᠨ ᠳᠠᠷᠤᠮᠠᠯᠯᠠᠨ ᠲᠠᠷᠬᠠᠭᠠᠪᠠ᠃ ᠡᠳᠦᠭᠡ | ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠲᠠᠨᠢᠯᠴᠠᠭᠤᠯᠤᠶ᠎ᠠ᠃ | ᠨᠢᠭᠡ᠂ ᠰᠡᠳᠬᠢᠴᠡ ᠵᠢᠴᠢ ᠦᠨᠳᠦᠰᠦᠯᠡᠯ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠵᠤ᠂ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ︽ᠪᠦᠬᠦ ᠵᠢᠯ ᠤᠨ ᠠᠮᠤ ᠪᠤᠳᠠᠭᠠᠨ ᠤ ᠪᠠᠲᠤᠯᠠᠭ᠎ᠠ ᠶᠢᠨ ᠲᠠᠯᠠᠪᠠᠶ ᠪᠠ ᠤᠨᠠᠯᠲᠠ ᠶᠢ | ᠲᠣᠭᠲᠠᠪᠤᠷᠢᠵᠢᠭᠤᠯᠵᠤ᠂ ᠡᠷᠳᠡᠨᠢ ᠰᠢᠰᠢ᠂ ᠰᠢᠷ᠎ᠠ ᠪᠤᠷᠴᠠᠭ ᠦᠢᠯᠡᠳᠪᠦᠷᠢᠯᠡᠭᠴᠢ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠲᠣᠭᠲᠠᠪᠤᠷᠢᠵᠢᠭᠤᠯᠵᠤ᠂ | ᠰᠢᠷ᠎ᠠ ᠪᠤᠷᠴᠠᠭ ᠪᠠ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠬᠦ︾ ᠲᠤᠬᠠᠢ | ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ︽2022 ᠣᠨ ᠤ ᠡᠷᠳᠡᠨᠢ ᠰᠢᠰᠢ | ᠰᠢᠷ᠎ᠠ ᠪᠤᠷᠴᠠᠭ ᠪᠠ ᠲᠥᠮᠥᠰᠥ ᠦᠢᠯᠡᠳᠪᠦᠷᠢᠯᠡᠭᠴᠢ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ | ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠢ ᠲᠠᠷᠢᠮᠠᠯ ᠦᠰᠦᠭ ︵2022︶ 23 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ | ︽ᠵᠠᠬ᠎ᠠ ᠳᠡᠯᠭᠡᠭᠦᠷ ᠦᠨ᠎ᠡ ᠬᠠᠩᠰᠢ ᠲᠣᠭᠲᠠᠭᠠᠬᠤ᠂ ᠦᠨ᠎ᠡ ᠬᠠᠩᠰᠢ ᠪᠠ ᠨᠥᠬᠦᠪᠦᠷᠢ ᠶᠢ ᠰᠠᠯᠭᠠᠬᠤ᠂ ᠬᠠᠷᠢᠭᠤᠴᠠᠯᠭ᠎ᠠ ᠶᠢ ᠲᠣᠳᠣᠷᠬᠠᠶᠢᠯᠠᠬᠤ᠂ ᠱᠠᠲᠤ | ᠬᠤᠪᠢᠶᠠᠨ ᠨᠠᠶᠢᠳᠠᠪᠤᠷᠢᠵᠢᠭᠤᠯᠬᠤ᠂ ᠢᠯᠡ ᠲᠣᠳᠣ ᠪᠠᠶᠢᠯᠭᠠᠬᠤ᠂ ᠬᠢᠨᠠᠯᠲᠠ ᠲᠠᠯᠪᠢᠬᠤ ᠶᠢ ᠴᠢᠩᠭᠠᠳᠬᠠᠬᠤ︾ ᠵᠠᠷᠴᠢᠮ ᠶᠣᠰᠣᠭᠠᠷ᠂ ᠮᠠᠨ ᠤ ᠬᠤᠲᠠ ᠶᠢᠨ | ᠪᠣᠳᠠᠲᠠᠢ ᠲᠠᠢ ᠤᠶᠠᠯᠳᠤᠭᠤᠯᠤᠨ᠂ ︽ᠬᠥᠬᠡᠬᠤᠲᠠ ᠶᠢᠨ 2022 ᠣᠨ ᠤ ᠡᠷᠳᠡᠨᠢ ᠰᠢᠰᠢ᠂ ᠰᠢᠷ᠎ᠠ ᠪᠤᠷᠴᠠᠭ ᠪᠠ ᠲᠥᠮᠥᠰᠥ ᠦᠢᠯᠡᠳᠪᠦᠷᠢᠯᠡᠭᠴᠢ ᠳᠤ | ᠨᠥᠬᠦᠪᠦᠷᠢ ᠥᠭᠬᠦ ᠬᠡᠷᠡᠭᠵᠢᠭᠦᠯᠬᠦ ᠲᠥᠰᠥᠯ︾ ᠢ ᠲᠣᠭᠲᠠᠭᠠᠪᠠ᠃ | ᠬᠤᠶᠠᠷ᠂ ᠭᠤᠣᠯ ᠠᠭᠤᠯᠭ᠎ᠠ | ︵ᠨᠢᠭᠡ︶ ᠨᠥᠬᠦᠪᠦᠷᠢ ᠥᠭᠬᠦ ᠲᠥᠷᠥ ᠶᠢᠨ ᠪᠣᠳᠣᠯᠭ᠎ᠠ᠃ ᠤᠤᠯ ᠤᠨ ᠪᠠᠶᠢᠭᠰᠠᠨ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ | ᠦᠢᠯᠡᠳᠪᠦᠷᠢᠯᠡᠭᠴᠢ ᠳᠤ ᠨᠥᠬᠦᠪᠦᠷᠢ ᠥᠭᠬᠦ ᠲᠥᠷᠥ ᠶᠢᠨ ᠪᠣᠳᠤᠯᠭ᠎ᠠ ᠶᠢᠨ ᠰᠠᠭᠤᠷᠢᠨ ᠳᠡᠭᠡᠷ᠎ᠡ᠂ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ | ᠬᠤᠯᠢᠯᠳᠤᠭᠤᠯᠤᠨ ᠲᠠᠷᠢᠬᠤ ᠨᠥᠬᠦᠪᠦᠷᠢ ᠪᠠ ᠰᠢᠯᠢᠮᠳᠡᠭ ᠲᠠᠷᠢᠬᠤ ᠨᠥᠬᠦᠪᠦᠷᠢ ᠶᠢ ᠰᠢᠨ᠎ᠡ ᠪᠠᠷ ᠨᠡᠮᠡᠪᠡ᠃ ᠰᠢᠨ᠎ᠡ ᠪᠠᠷ ᠨᠡᠮᠡᠭᠰᠡᠨ 2 ᠵᠦᠢᠯ ᠤᠨ ᠨᠥᠬᠦᠪᠦᠷᠢ ᠶᠢ | ᠡᠯ᠎ᠡ ᠬᠤᠰᠢᠭᠤ ᠰᠢᠶᠠᠨ ᠲᠣᠭᠤᠷᠢᠭ ᠤᠨ ᠡᠭᠦᠷᠭᠡᠯᠡᠭᠰᠡᠨ ᠡᠭᠦᠷᠭᠡ ᠵᠢᠴᠢ ᠨᠥᠬᠦᠪᠦᠷᠢ ᠶᠢᠨ ᠪᠠᠷᠢᠮᠵᠢᠶ᠎ᠠ ᠶᠢ ᠦᠨᠳᠦᠰᠦᠯᠡᠨ ᠬᠤᠪᠢᠶᠠᠷᠢᠯᠠᠨ ᠪᠠᠭᠤᠯᠭᠠᠵᠤ᠂ ᠨᠢᠭᠡᠨᠲᠡ | ᠤᠷᠢᠳᠴᠢᠯᠠᠨ ᠪᠠᠭᠤᠯᠭᠠᠭᠰᠠᠨ 2022 ᠣᠨ ᠤ ᠦᠢᠯᠡᠳᠪᠦᠷᠢᠯᠡᠭᠴᠢᠳ ᠤᠨ ᠨᠥᠬᠦᠪᠦᠷᠢ ᠶᠢᠨ ᠳᠣᠲᠣᠷ᠎ᠠ ᠠᠴᠠ ᠭᠠᠷᠭᠠᠨ᠎ᠠ᠃ | ︵ᠬᠤᠶᠠᠷ︶ ᠨᠥᠬᠦᠪᠦᠷᠢ ᠥᠭᠬᠦ ᠲᠤᠭ᠎ᠠ᠃ ᠰᠢᠷ᠎ᠠ ᠪᠤᠷᠴᠠᠭ ᠦᠢᠯᠡᠳᠪᠦᠷᠢᠯᠡᠭᠴᠢ ᠶᠢᠨ ᠨᠥᠬᠦᠪᠦᠷᠢ ᠶᠢ ᠵᠣᠬᠢᠰᠲᠠᠢ ᠳᠡᠭᠡᠭᠰᠢᠯᠡᠭᠦᠯᠵᠦ᠂ ᠡᠷᠳᠡᠨᠢ ᠰᠢᠰᠢ | ᠦᠢᠯᠡᠳᠪᠦᠷᠢᠯᠡᠭᠴᠢ ᠶᠢᠨ ᠨᠥᠬᠦᠪᠦᠷᠢ ᠶᠢ ᠪᠠᠭᠤᠷᠠᠭᠤᠯᠤᠨ᠂ ᠨᠥᠬᠦᠪᠦᠷᠢ ᠶᠢᠨ ᠵᠥᠷᠢᠶ᠎ᠡ ᠶᠢ ᠥᠷᠭᠡᠳᠬᠡᠵᠦ᠂ ᠲᠠᠷᠢᠶᠠᠴᠢᠳ ᠤᠨ ᠰᠢᠷ᠎ᠠ ᠪᠤᠷᠴᠠᠭ ᠲᠠᠷᠢᠬᠤ | ᠢᠳᠡᠪᠬᠢᠵᠢᠯ ᠢ ᠭᠦᠢᠴᠡᠳ ᠳᠠᠶᠢᠴᠢᠯᠠᠨ᠎ᠠ᠃ | ︵ᠭᠤᠷᠪᠠ︶ ᠨᠥᠬᠦᠪᠦᠷᠢ ᠥᠭᠬᠦ ᠡᠲᠡᠭᠡᠳ᠃ ᠨᠥᠬᠦᠪᠦᠷᠢ ᠥᠭᠬᠦ ᠡᠲᠡᠭᠡᠳ ᠨᠢ ᠵᠠᠷᠴᠢᠮ ᠳᠡᠭᠡᠷ᠎ᠡ ᠪᠠᠨ ᠪᠦᠬᠦ ᠬᠤᠳᠠ ᠶᠢᠨ ᠬᠡᠪᠴᠢᠶᠡᠨ ᠳᠠᠬᠢ ᠡᠷᠳᠡᠨᠢ | ᠰᠢᠰᠢ᠂ ᠰᠢᠷ᠎ᠠ ᠪᠤᠷᠴᠠᠭ᠂ ᠰᠢᠯᠢᠮᠳᠡᠭ ᠪᠣᠯᠣᠨ ᠲᠥᠮᠥᠰᠥ ᠦᠢᠯᠡᠳᠪᠦᠷᠢᠯᠡᠭᠴᠢ ︵ᠲᠠᠷᠢᠶᠠᠴᠢᠨ᠂ ᠲᠠᠷᠢᠶᠠᠯᠠᠩ ᠤᠨ ᠬᠤᠷᠰᠢᠶ᠎ᠠ᠂ ᠲᠠᠷᠢᠶᠠᠯᠠᠩ ᠤᠨ ᠲᠠᠯᠠᠪᠠᠢ | ᠵᠡᠷᠭᠡ ᠶᠢ ᠪᠠᠭᠲᠠᠭᠠᠨ᠎ᠠ︶ ᠪᠣᠯᠣᠨ᠎ᠠ᠃ ᠭᠠᠵᠠᠷ ᠰᠢᠷᠣᠢ ᠶᠢ ᠡᠷᠬᠢᠯᠳᠦᠭᠦᠯᠦᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠭᠰᠡᠨ ᠳᠤ ᠨᠥᠬᠦᠪᠦᠷᠢ ᠪᠡᠯᠡ ᠮᠥᠩᠭᠦ ᠶᠢ | ᠪᠣᠳᠠᠲᠠᠢ ᠦᠢᠯᠡᠳᠪᠦᠷᠢᠯᠡᠭᠴᠢ ᠳᠤ ᠣᠯᠭᠤᠬᠤ ᠬᠡᠷᠡᠭᠲᠡᠢ᠃ ᠬᠡᠷᠪᠡ ᠭᠠᠵᠠᠷ ᠰᠢᠷᠣᠢ ᠳᠠᠭᠠᠭᠠᠴᠢᠯᠠᠭᠤᠯᠤᠭᠴᠢ ᠨᠦᠬᠦᠪᠦᠷᠢ ᠠᠪᠤᠭᠰᠠᠨ ᠪᠠᠶᠢᠪᠠᠯ᠂ ᠬᠤᠰᠢᠭᠤ | ᠰᠢᠶᠠᠨ ᠲᠣᠭᠤᠷᠢᠭ ᠤᠨ ᠵᠠᠰᠠᠭ ᠤᠨ ᠣᠷᠳᠣᠨ ᠠᠴᠠ ᠳᠠᠭᠠᠭᠠᠴᠢᠯᠠᠭᠤᠯᠤᠭᠴᠢ ᠶᠢ ᠬᠥᠲᠥᠯᠥᠨ ᠵᠢᠯᠤᠭᠤᠳᠴᠤ ᠪᠠᠶᠢᠭᠠᠳ ᠭᠠᠵᠠᠷ ᠰᠢᠷᠣᠢ ᠶᠢᠨ ᠡᠷᠬᠢᠯᠳᠦᠭᠦᠯᠦᠨ | ᠲᠠᠭᠠᠭᠠᠴᠢᠯᠠᠭᠤᠯᠬᠤ ᠰᠦᠢᠳᠬᠡᠯ ᠢ ᠵᠣᠬᠢᠬᠤ ᠬᠡᠮᠵᠢᠶ᠎ᠡ ᠪᠠᠷ ᠪᠠᠭᠠᠰᠬᠠᠵᠤ᠂ ᠡᠷᠳᠡᠨᠢ ᠰᠢᠰᠢ᠂ ᠰᠢᠷ᠎ᠠ ᠪᠤᠷᠴᠠᠭ᠂ ᠰᠢᠯᠢᠮᠳᠡᠭ ᠪᠠ ᠲᠥᠮᠥᠰᠥ | ᠦᠢᠯᠡᠳᠪᠦᠷᠢᠯᠡᠭᠴᠢ ᠳᠤ ᠦᠨᠡᠨᠬᠦ ᠠᠰᠢᠭ ᠬᠦᠷᠲᠡᠭᠡᠬᠦ ᠬᠡᠷᠡᠭᠲᠡᠢ᠃ | ︵ᠳᠥᠷᠪᠡ︶ ᠨᠥᠬᠦᠪᠦᠷᠢ ᠥᠭᠬᠦ ᠬᠡᠪᠴᠢᠶ᠎ᠡ᠃ ᠡᠷᠳᠡᠨᠢ ᠰᠢᠰᠢ᠂ ᠰᠢᠷ᠎ᠠ ᠪᠤᠷᠴᠠᠭ᠂ ᠰᠢᠯᠢᠮᠳᠡᠭ᠂ ᠲᠥᠮᠥᠰᠥ ᠦᠢᠯᠡᠳᠪᠦᠷᠢᠯᠡᠭᠴᠢ ᠳᠤ ᠨᠥᠬᠦᠪᠦᠷᠢ ᠥᠭᠬᠦ | ᠬᠡᠪᠴᠢᠶ᠎ᠡ ᠶᠢ ᠬᠠᠤᠯᠢ ᠶᠣᠰᠣᠨ ᠤ ᠲᠠᠷᠢᠶᠠᠯᠠᠬᠤ ᠭᠠᠵᠠᠷ ᠢᠶᠠᠷ ᠬᠢᠵᠠᠭᠠᠷᠯᠠᠨ᠎ᠠ᠃ ᠤᠯᠤᠰ ᠠᠴᠠ ᠨᠢᠭᠡᠨᠲᠡ ᠲᠠᠷᠢᠶᠠᠯᠠᠬᠤ ᠶᠢ ᠵᠣᠭᠰᠤᠭᠠᠬᠤ ᠪᠠᠷ ᠲᠣᠳᠣᠷᠬᠠᠶᠢᠯᠠᠭᠰᠠᠨ | ᠭᠠᠵᠠᠷ ᠰᠢᠷᠣᠢ᠂ ᠵᠥᠪᠰᠢᠶᠡᠷᠡᠯ ᠣᠯᠣᠭᠰᠠᠨ ᠦᠭᠡᠢ ᠪᠠᠷ ᠰᠢᠨ᠎ᠡ ᠪᠠᠷ ᠬᠠᠭᠠᠯᠪᠤᠷᠢᠯᠠᠭᠰᠠᠨ ᠭᠠᠵᠠᠷ ᠰᠢᠷᠣᠢ ᠳᠤ᠂ ᠬᠠᠲᠤᠨ ᠭᠤᠣᠯ ᠤᠨ ᠭᠤᠣᠯ ᠤᠨ ᠵᠠᠮ ᠤᠨ | ᠥᠨᠳᠥᠷ ᠡᠰᠢᠲᠦ ᠲᠠᠷᠢᠮᠠᠯ ᠲᠠᠷᠢᠬᠤ ᠶᠢ ᠴᠠᠭᠠᠵᠠᠯᠠᠭᠰᠠᠨ ᠣᠷᠣᠨ ᠤ ᠳᠣᠲᠣᠷᠠᠬᠢ ᠬᠠᠤᠯᠢ ᠪᠤᠰᠤ ᠪᠠᠷ ᠲᠠᠷᠢᠭᠰᠠᠳ ᠲᠤ ᠨᠥᠬᠦᠪᠦᠷᠢ ᠥᠭᠬᠦ ᠦᠭᠡᠢ᠃ ᠨᠡᠯᠢᠶᠡᠳ | ᠶᠡᠭᠡ ᠭᠠᠮᠰᠢᠭ ᠦᠭᠡᠢ ᠪᠠᠶᠢᠳᠠᠯ ᠳᠣᠣᠷ᠎ᠠ᠂ ᠨᠥᠬᠦᠪᠦᠷᠢ ᠥᠭᠬᠦ ᠬᠡᠪᠴᠢᠶᠡᠨ ᠳᠣᠲᠣᠷᠠᠬᠢ ᠲᠠᠷᠢᠮᠠᠯ ᠤᠨ ᠨᠢᠭᠡᠴᠢ ᠲᠠᠯᠠᠪᠠᠢ ᠶᠢᠨ ᠤᠨᠠᠯᠲᠠ ᠨᠢ ᠲᠤᠬᠠᠢ ᠶᠢᠨ | ᠭᠠᠵᠠᠷ ᠤᠨ ᠪᠠᠶᠢᠩᠭᠤ ᠶᠢᠨ ᠵᠢᠯ ᠳᠤᠮᠳᠠᠴᠢ ᠶᠢᠨ ᠬᠢᠷᠢ ᠬᠡᠮᠵᠢᠶ᠎ᠡ ᠶᠢᠨ 50 % ᠠᠴᠠ ᠳᠣᠣᠷ᠎ᠠ ᠪᠣᠯᠤᠭᠰᠠᠨ ᠳᠤ᠂ ᠳᠠᠷᠢᠭᠰᠠᠨ ᠤ ᠲᠠᠷᠠᠭ᠎ᠠ ᠠᠷᠠᠴᠢᠯᠠᠵᠤ | ᠬᠠᠮᠢᠶᠠᠷᠬᠤ ᠦᠭᠡᠢ ᠲᠠᠷᠢᠶᠠᠨ ᠠᠵᠢᠯ ᠤᠨ ᠬᠠᠮᠢᠶᠠᠷᠤᠯᠲᠠ ᠬᠢᠭᠰᠡᠨ ᠦᠭᠡᠢ ᠳᠤ᠂ ᠲᠠᠷᠢᠬᠤ ᠳᠤ ᠲᠣᠬᠢᠷᠠᠮᠵᠢ ᠦᠭᠡᠢ ᠣᠷᠣᠨ ᠳᠤ ᠲᠠᠷᠢᠭᠰᠠᠨ ᠪᠦᠭᠡᠳ ᠢᠯᠡᠷᠬᠡᠢ | ᠨᠥᠬᠦᠪᠦᠷᠢ ᠮᠥᠩᠭᠦ ᠶᠢ ᠤᠬᠠᠭᠠᠯᠠᠨ ᠠᠪᠤᠭᠰᠠᠨ ᠥᠢᠯᠡ ᠠᠵᠢᠯᠯᠠᠭ᠎ᠠ ᠲᠠᠢ ᠪᠠᠶᠢᠪᠠᠯ ᠨᠥᠬᠦᠪᠦᠷᠢ ᠥᠭᠬᠦ ᠦᠭᠡᠢ᠃ | ︵ᠲᠠᠪᠤ︶ ᠨᠥᠬᠦᠪᠦᠷᠢ ᠥᠭᠬᠦ ᠲᠠᠯᠠᠪᠠᠶ᠃ ᠡᠷᠳᠡᠨᠢ ᠰᠢᠰᠢ᠂ ᠰᠢᠷ᠎ᠠ ᠪᠤᠷᠴᠠᠭ᠂ ᠰᠢᠯᠢᠮᠳᠡᠭ ᠪᠣᠯᠣᠨ ᠲᠥᠮᠥᠰᠥ ᠦᠢᠯᠡᠳᠪᠦᠷᠢᠯᠡᠭᠴᠢ ᠳᠤ ᠣᠯᠭᠤᠬᠤ | ᠨᠥᠬᠦᠪᠦᠷᠢ ᠶᠢ ᠲᠤᠰ ᠵᠢᠯ ᠤᠨ ᠪᠣᠳᠠᠲᠠᠢ ᠡᠷᠳᠡᠨᠢ ᠰᠢᠰᠢ᠂ ᠰᠢᠷ᠎ᠠ ᠪᠤᠷᠴᠠᠭ᠂ ᠰᠢᠯᠢᠮᠳᠡᠭ ᠪᠣᠯᠣᠨ ᠲᠥᠮᠥᠰᠥ ᠲᠠᠷᠢᠬᠤ ᠲᠠᠯᠠᠪᠠᠢ ᠪᠠᠷ ᠲᠣᠭᠲᠠᠭᠠᠨ᠎ᠠ᠃ ᠰᠢᠷ᠎ᠠ | ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠬᠤᠯᠢᠯᠳᠤᠭᠤᠯᠤᠨ ᠲᠠᠷᠢᠬᠤ ᠨᠥᠬᠦᠪᠦᠷᠢ ᠶᠢ ᠡᠭᠦᠷᠭᠡ ᠶᠢᠨ ᠲᠠᠯᠠᠪᠠᠶ ᠶᠢᠨ ᠳᠣᠲᠣᠷ᠎ᠠ ᠴᠢᠩᠭ᠎ᠠ ᠬᠢᠵᠠᠭᠠᠷᠯᠠᠨ᠎ᠠ | ᠃ | ︵ᠵᠢᠷᠭᠤᠭ᠎ᠠ︶ ᠨᠥᠬᠦᠪᠦᠷᠢ ᠥᠭᠬᠦ ᠪᠠᠷᠢᠮᠵᠢᠶ᠎ᠠ᠃ | 1. ᠴᠣᠯ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠴᠡᠪᠡᠷ ᠳᠠᠷᠢᠭᠰᠠᠨ ᠦᠢᠯᠡᠳᠪᠦᠷᠢᠯᠡᠭᠴᠢ ᠳᠤ ᠥᠭᠬᠦ ᠨᠦᠬᠦᠪᠦᠷᠢ᠃ ᠡᠯ᠎ᠡ ᠬᠤᠰᠢᠭᠤ ᠰᠢᠶᠠᠨ | ᠲᠣᠭᠤᠷᠢᠭ ᠨᠢ ᠲᠣᠰ ᠲᠣᠰ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠰᠢᠷ᠎ᠠ ᠪᠤᠷᠴᠠᠭ ᠦᠢᠯᠡᠳᠪᠦᠷᠢᠯᠡᠭᠴᠢ ᠶᠢᠨ ᠨᠥᠬᠦᠪᠦᠷᠢ ᠶᠢ ᠵᠣᠬᠢᠬᠤ ᠬᠡᠮᠵᠢᠶ᠎ᠡ ᠪᠠᠷ | ᠳᠡᠭᠡᠭᠰᠢᠯᠡᠭᠦᠯᠵᠦ᠂ ᠡᠷᠳᠡᠨᠢ ᠰᠢᠰᠢ ᠦᠢᠯᠡᠳᠪᠦᠷᠢᠯᠡᠭᠴᠢ ᠶᠢᠨ ᠨᠥᠬᠦᠪᠦᠷᠢ ᠶᠢ ᠪᠠᠭᠤᠷᠠᠭᠤᠯᠬᠤ ᠬᠡᠷᠡᠭᠲᠡᠢ᠃ | 2. ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠬᠤᠯᠢᠯᠳᠤᠭᠤᠯᠤᠨ ᠲᠠᠷᠢᠬᠤ ᠨᠥᠬᠦᠪᠦᠷᠢ ᠶᠢ ᠬᠡᠷᠡᠭᠵᠢᠬᠦᠯᠦᠨ᠎ᠡ᠃ 2022 ᠣᠨ ᠳᠤ | ᠪᠥᠬᠦ ᠬᠤᠲᠠ ᠶᠢᠨ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠬᠤᠯᠢᠯᠳᠤᠭᠤᠯᠤᠨ ᠳᠠᠷᠢᠬᠤ ᠨᠢᠭᠡᠳᠦᠯᠲᠡᠢ ᠪᠠᠷᠢᠮᠵᠢᠶ᠎ᠠ ᠨᠢ ᠮᠦ ᠪᠦᠷᠢ ᠶᠢᠨ | 150 ᠲᠥᠭᠦᠷᠢᠭ᠂ ᠡᠭᠦᠨ ᠤ ᠬᠠᠮᠲᠤ ᠰᠢᠷ᠎ᠠ ᠪᠤᠷᠴᠠᠭ᠂ ᠡᠷᠳᠡᠨᠢ ᠰᠢᠰᠢ ᠦᠢᠯᠡᠳᠪᠦᠷᠢᠯᠡᠭᠴᠢ ᠶᠢᠨ ᠨᠥᠬᠦᠪᠦᠷᠢ ᠶᠢ ᠦᠷᠭᠦᠯᠵᠢᠯᠡᠨ ᠬᠦᠷᠲᠡᠵᠦ ᠪᠣᠯᠣᠨ᠎ᠠ᠂ ᠮᠦ | ᠳᠤᠮᠳᠠᠴᠢ ᠶᠢᠨ ᠡᠷᠳᠡᠨᠢ ᠰᠢᠰᠢ ᠳᠠᠷᠢᠬᠤ ᠬᠠᠷᠢᠴᠠᠯ ᠪᠠ ᠮᠦ ᠳᠤᠮᠳᠠᠴᠢ ᠶᠢᠨ ᠰᠢᠷ᠎ᠠ ᠪᠤᠷᠴᠠᠭ ᠳᠠᠷᠢᠬᠤ ᠬᠠᠷᠢᠴᠠᠯ ᠢ ᠡᠯ᠎ᠡ ᠬᠤᠰᠢᠭᠤ ᠰᠢᠶᠠᠨ ᠲᠣᠭᠤᠷᠢᠭ ᠤᠨ | ᠡᠷᠳᠡᠨᠢ ᠰᠢᠰᠢ ᠦᠢᠯᠡᠳᠪᠦᠷᠢᠯᠡᠭᠴᠢ ᠶᠢᠨ ᠨᠥᠬᠦᠪᠦᠷᠢ ᠶᠢᠨ ᠪᠠᠷᠢᠮᠵᠢᠶ᠎ᠠ ᠪᠠ ᠰᠢᠷ᠎ᠠ ᠪᠤᠷᠴᠠᠭ ᠦᠢᠯᠡᠳᠪᠦᠷᠢᠯᠡᠭᠴᠢ ᠶᠢᠨ ᠨᠥᠬᠦᠪᠦᠷᠢ ᠶᠢᠨ ᠪᠠᠷᠢᠮᠵᠢᠶ᠎ᠠ ᠲᠠᠢ | ᠤᠶᠠᠯᠳᠤᠭᠤᠯᠤᠨ ᠨᠡᠶᠢᠯᠡᠭᠦᠯᠦᠨ ᠪᠤᠳᠤᠵᠤ ᠭᠠᠷᠭᠠᠨ᠎ᠠ᠃ ᠡᠨᠡ ᠬᠤᠶᠠᠷ ᠵᠦᠢᠯ ᠢ ᠨᠡᠮᠡᠭᠡᠳ 2022 ᠣᠨ ᠤ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ | ᠬᠡᠯᠪᠡᠷᠢ ᠪᠠᠷ ᠬᠤᠯᠢᠯᠳᠤᠭᠤᠯᠤᠨ ᠲᠠᠷᠢᠬᠤ ᠨᠥᠬᠦᠪᠦᠷᠢ ᠶᠢᠨ ᠪᠠᠷᠢᠮᠵᠢᠶ᠎ᠠ ᠨᠢ ᠪᠠᠷᠤᠭ ᠮᠦ ᠪᠦᠷᠢ ᠶᠢᠨ 300 ᠲᠥᠭᠦᠷᠢᠭ ᠣᠷᠴᠢᠮ ᠪᠣᠯᠣᠨ᠎ᠠ᠃ | 3. ᠰᠢᠯᠢᠮᠳᠡᠭ ᠦᠢᠯᠡᠳᠪᠦᠷᠢᠯᠡᠭᠴᠢ ᠶᠢᠨ ᠨᠥᠬᠦᠪᠦᠷᠢ᠃ 2022 ᠣᠨ ᠳᠤ ᠪᠥᠬᠦ ᠬᠤᠲᠠ ᠳᠤ ᠰᠢᠯᠢᠮᠳᠡᠭ ᠦᠢᠯᠡᠳᠪᠦᠷᠢᠯᠡᠭᠴᠢ ᠳᠤ ᠨᠥᠬᠦᠪᠦᠷᠢ | ᠥᠭᠬᠦ ᠶᠢ ᠬᠡᠷᠡᠭᠵᠢᠭᠦᠯᠦᠨ᠎ᠡ᠃ ᠨᠥᠬᠦᠪᠦᠷᠢ ᠶᠢᠨ ᠪᠠᠷᠢᠮᠵᠢᠶ᠎ᠠ ᠨᠢ ᠮᠦ ᠪᠦᠷᠢ ᠶᠢᠨ ᠪᠠᠷᠤᠭ 30 ᠲᠥᠭᠦᠷᠢᠭ ᠣᠷᠴᠢᠮ ︵ᠪᠣᠳᠠᠲᠠᠢ ᠳᠤ ᠡᠯ᠎ᠡ ᠬᠤᠰᠢᠭᠤ ᠰᠢᠶᠠᠨ | ᠲᠣᠭᠤᠷᠢᠭ ᠤᠨ ᠪᠣᠳᠠᠲᠠᠢ ᠳᠠᠷᠢᠬᠤ ᠲᠠᠯᠠᠪᠠᠶ ᠶᠢ ᠦᠨᠳᠦᠰᠦᠯᠡᠨ ᠲᠣᠭᠲᠠᠭᠠᠨ᠎ᠠ︶᠃ | ᠭᠤᠷᠪᠠ᠂ ᠨᠥᠬᠦᠪᠦᠷᠢ ᠮᠥᠩᠭᠦ ᠶᠢᠨ ᠬᠠᠮᠢᠶᠠᠷᠤᠯᠲᠠ ᠬᠢᠭᠡᠳ ᠰᠠᠯᠭᠠᠨ ᠥᠭᠬᠦ | ᠨᠥᠬᠦᠪᠦᠷᠢ ᠮᠥᠩᠭᠦ ᠶᠢ ᠠᠮᠤ ᠪᠤᠳᠠᠭᠠᠨ ᠤ ᠲᠦᠭᠰᠢᠭᠦᠷᠢ ᠶᠢᠨ ᠰᠠᠭᠤᠷᠢ ᠮᠥᠩᠭᠦ ᠶᠢᠨ ᠲᠤᠰᠬᠠᠢ ᠳᠠᠩᠰᠠᠨ ᠳᠤ ᠣᠷᠣᠭᠤᠯᠤᠨ ᠬᠠᠮᠢᠶᠠᠷᠤᠨ᠎ᠠ᠃ | ᠨᠥᠬᠦᠪᠦᠷᠢ ᠮᠥᠩᠭᠦ ᠶᠢ ︽ᠪᠦᠷᠢᠨ ᠴᠢᠳᠠᠮᠵᠢᠲᠦ ᠺᠠᠷᠲ︾ ᠢᠶᠠᠷ ᠳᠠᠮᠵᠢᠭᠤᠯᠤᠨ 2022 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠡᠷᠳᠡᠨᠢ | ᠰᠢᠰᠢ᠂ ᠰᠢᠷ᠎ᠠ ᠪᠤᠷᠴᠠᠭ᠂ ᠰᠢᠯᠢᠮᠳᠡᠭ ᠪᠣᠯᠣᠨ ᠲᠥᠮᠥᠰᠥ ᠦᠢᠯᠡᠳᠪᠦᠷᠢᠯᠡᠭᠴᠢ ᠳᠤ ᠴᠠᠭ ᠲᠤᠬᠠᠢ ᠳᠤᠨᠢ ᠨᠢᠭᠡ ᠤᠳᠠᠭ᠎ᠠ ᠶᠢᠨ ᠴᠢᠨᠠᠷᠲᠠᠢ ᠂ ᠲᠤᠭ᠎ᠠ ᠶᠣᠰᠣᠭᠠᠷ | ᠨᠢ ᠭᠦᠢᠴᠡᠳ ᠣᠯᠭᠤᠬᠤ ᠬᠡᠷᠡᠭᠲᠡᠢ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ᠭᠤᠣᠯᠳᠠᠭᠤ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠬᠤ᠂ ᠳᠠᠷᠢᠬᠤ ᠲᠠᠯᠠᠪᠠᠶ᠂ ᠪᠡᠯᠡ ᠮᠥᠩᠭᠦ ᠶᠢ ᠢᠯᠡ ᠨᠡᠶᠢᠲᠡᠯᠡᠬᠦ ᠪᠠ ᠮᠡᠳᠡᠭᠡ | ᠵᠠᠩᠭᠢ ᠶᠢᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠳᠠᠯᠠᠬᠤ᠂ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠬᠤ ᠵᠡᠷᠭᠡ ᠲᠠᠯ᠎ᠠ ᠪᠠᠷ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ | ᠲᠠᠪᠤ᠂ ᠬᠡᠷᠡᠭᠵᠢᠭᠦᠯᠬᠦ ᠴᠠᠭ᠄ 2022 ᠣᠨ | ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ | ᠬᠠᠷᠢᠯᠴᠠᠬᠤ ᠬᠥᠮᠥᠨ᠄ ᠭᠦᠸᠧ ᠰᠢᠦᠢ᠂ ᠬᠠᠷᠢᠯᠴᠠᠬᠤ ᠤᠲᠠᠰᠤ᠄ 0471-4369535 |