ᠰᠦᠨ ᠱᠣᠤ ᠴᠧᠩ ᠬᠥᠬᠡᠬᠤᠲᠠ ᠳᠤ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢᠰᠦᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/5/23
      5 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠤ ᠴᠧᠩ ᠬᠥᠬᠡᠬᠤᠲᠠ ᠳᠤ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢᠰᠦᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃
5.23孙绍骋在呼和浩特市调研自治区推进奶业振兴九条政策措施落实情况1.jpg
      ᠰᠦᠨ ᠱᠤᠤ ᠴᠧᠩ ᠲᠦᠮᠡᠳ ᠵᠡᠭᠦᠨ ᠬᠤᠰᠢᠭᠤᠨ ᠳᠤ ᠬᠦᠷᠴᠦ᠂ ᠢᠯᠢ ᠶᠢᠨ ᠨᠢᠯᠬ᠎ᠠ ᠬᠡᠦᠬᠡᠳ ᠤᠨ ᠨᠠᠶᠢᠷᠠᠯᠭ᠎ᠠ ᠲᠠᠢ ᠰᠦᠨ ᠲᠠᠯᠬ᠎ᠠ ᠦᠢᠯᠡᠳᠬᠦ ᠵᠢᠱᠢᠶ᠎ᠡ ᠦᠵᠡᠭᠦᠯᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠳᠠᠷᠠᠭ᠎ᠠ ᠨᠢ ᠶᠠᠷᠢᠯᠴᠠᠬᠤ ᠬᠤᠷᠠᠯ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠬᠥᠬᠡᠬᠤᠲᠠ ᠪᠣᠯᠤᠨ ᠢᠯᠢ ᠪᠦᠯᠦᠭᠯᠡᠯ᠂ ᠮᠧᠩ ᠨᠢᠦ ᠪᠦᠯᠦᠭᠯᠡᠯ ᠵᠡᠷᠭᠡ ᠠᠵᠤ ᠠᠬᠤᠶᠢᠯᠠᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃
5.23孙绍骋在呼和浩特市调研自治区推进奶业振兴九条政策措施落实情况2.jpg
      ᠰᠦᠨ ᠱᠤᠤ ᠴᠧᠩ᠂ ᠰᠦ ᠶᠢᠨ ᠦᠢᠯᠡᠰ ᠪᠣᠯ ᠥᠪᠥᠷ ᠮᠣᠩᠭᠤᠯ ᠤᠨ ᠳᠠᠪᠠᠭᠤᠯᠢᠭ ᠤᠨᠴᠠᠯᠢᠬᠳᠤ ᠠᠵᠤ ᠦᠢᠯᠡᠰ ᠪᠣᠯᠤᠨ᠎ᠠ᠂ ᠡᠷᠬᠡᠪᠰᠢ ᠦᠷᠭᠦᠯᠵᠢᠯᠡᠨ ᠬᠦᠴᠦᠯᠡᠨ ᠰᠠᠶᠢᠲᠤᠷ ᠪᠦᠳᠦᠭᠡᠨ ᠪᠠᠶᠢᠭᠤᠯᠬᠤ ᠬᠡᠷᠡᠭᠲᠡᠢ ᠭᠡᠵᠦ ᠬᠡᠯᠡᠪᠡ᠃ ᠡᠨᠡ ᠵᠢᠯ ᠥᠪᠡᠷᠲᠡᠭᠡᠨ ᠵᠠᠰᠠᠬᠤ ᠣᠷᠣᠨ ᠠᠴᠠ ᠰᠦ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠶᠢᠰᠦᠨ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠦ᠂ ᠲᠦᠷᠦ ᠶᠢᠨ ᠪᠤᠳᠤᠯᠭ᠎ᠠ ᠶᠢᠨ ᠦᠢᠯᠡᠳᠦᠯ ᠶᠠᠭ ᠢᠯᠡᠷᠡᠵᠦ ᠪᠤᠢ᠂ ᠶᠡᠭᠡ ᠬᠦᠴᠦ ᠣᠷᠣᠭᠤᠯᠵᠤ ᠪᠠᠶᠢᠭᠠᠳ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠭᠡᠵᠦ ᠬᠡᠯᠡᠪᠡ᠃
5.23孙绍骋在呼和浩特市调研自治区推进奶业振兴九条政策措施落实情况3.jpg
      ᠰᠦᠨ ᠱᠣᠣ ᠴᠧᠩ ᠬᠡᠯᠡᠬᠦ ᠳᠡᠭᠡᠨ᠂ ᠰᠦ ᠶᠢᠨ ᠦᠢᠯᠡᠰ ᠤᠨ ᠠᠵᠤ ᠦᠢᠯᠡᠰ ᠤᠨ ᠬᠡᠯᠬᠢᠶ᠎ᠡ ᠣᠷᠳᠣ᠂ ᠦᠶ ᠣᠯᠠᠨ ᠮᠠᠯᠴᠢᠨ ᠲᠠᠷᠢᠶᠠᠴᠢᠨ ᠡᠷᠦᠬᠡ ᠳᠤ ᠬᠤᠯᠪᠣᠭᠳᠠᠵᠤ ᠪᠠᠶᠢᠳᠠᠭ ᠪᠣᠯᠬᠤᠷ ᠵᠠᠰᠠᠭ ᠤᠨ ᠣᠷᠳᠣᠨ ᠠᠴᠠ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠳ ᠪᠡᠶᠡᠴᠢ ᠴᠣᠭᠴᠠ ᠶᠢᠨ ᠦᠶ᠋ᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠶ᠃ ᠣᠳᠣᠬᠠᠨ ᠤ ᠰᠦ ᠶᠢᠨ ᠦᠢᠯᠡᠰ ᠶᠢᠨ ᠠᠰᠠᠭᠤᠳᠠᠯ ᠢ ᠰᠢᠢᠳᠪᠦᠷᠢᠯᠡᠬᠦ ᠳᠤ ᠭᠤᠤᠯᠳᠠᠭᠤ ᠲᠡᠵᠢᠭᠡᠨ ᠦᠷᠡᠵᠢᠭᠦᠯᠬᠦ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠡᠯ᠎ᠡ ᠠᠶᠢᠮᠠᠭ ᠬᠤᠲᠠ ᠪᠣᠯᠤᠨ ᠬᠤᠯᠪᠣᠭᠳᠠᠯ ᠪᠥᠬᠦᠶ ᠲᠠᠯ᠎ᠠ ᠶᠢᠨ ᠬᠢᠨ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠯᠬᠤᠴᠠ ᠪᠠᠨ ᠲᠦᠷᠭᠡᠳᠬᠡᠬᠦ ᠬᠡᠷᠡᠭᠲᠡᠶ᠃ ᠢᠯᠢ ᠪᠦᠯᠦᠭᠯᠡᠯ᠂ ᠮᠧᠩ ᠨᠢᠦ ᠪᠦᠯᠦᠭᠯᠡᠯ ᠤᠨ ᠬᠢᠨ ᠠᠯᠤᠰ ᠬᠡᠳᠦ ᠶᠢᠨ ᠬᠠᠷᠠᠴᠠ ᠲᠠᠢ ᠪᠠᠶᠢᠵᠤ᠂ ᠶᠠᠰᠤ ᠴᠢᠨᠠᠷ ᠤᠨ ᠠᠮᠤᠷ ᠲᠦᠪᠰᠢᠨ ᠤ ᠠᠮᠢᠨ ᠰᠤᠳᠠᠰᠤ ᠶᠢ ᠰᠠᠶᠢᠲᠤᠷ ᠰᠠᠬᠢᠵᠤ᠂ ᠴᠢᠨᠠᠭᠰᠢᠳᠠ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠠᠭᠠᠭᠤᠯᠤᠭᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠣᠣ ᠭᠠᠩ᠂ ᠢᠦᠢ ᠯᠢ ᠰᠢᠨ᠂ ᠵᠠᠩ ᠱᠤᠤ ᠴᠦᠨ ᠠᠵᠢᠯᠯᠠᠭ᠎ᠠ ᠳᠤ ᠣᠷᠣᠯᠴᠠᠪᠠ᠃ 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠸᠢᠴᠠᠲ ᠲᠠᠪᠴᠠᠩ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ