ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/5/23
ᠾᠧ ᠬᠠᠢ ᠳ᠋ᠦᠩ ᠬᠤᠷᠠᠯ ᠢ ᠡᠷᠬᠢᠯᠡᠪᠡ   ︵ᠰᠤᠷᠪᠤᠯᠵᠢᠯᠠᠭᠴᠢ ᠯᠢᠶᠠᠩ ᠵᠢᠩ ᠱᠤ᠋︶ 5 ᠳ᠋ᠤᠭᠠᠷ ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠾᠧ ᠬᠠᠢ ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ︽ᠬᠥᠬᠡᠬᠤᠲᠠ ᠶᠢᠨ ᠴᠢᠳᠠᠪᠤᠷᠢᠲᠠᠨ ᠢ ᠲᠠᠲᠠᠬᠤ ᠲᠥᠷᠥ ᠶᠢᠨ ᠪᠣᠳᠣᠯᠭ᠎ᠠ ᠶᠢᠨ ᠠᠵᠢᠯ ᠣᠯᠵᠤ ᠦᠢᠯᠡᠰ ᠪᠣᠰᠬᠠᠬᠤ ᠶᠢ ᠳᠡᠮᠵᠢᠬᠦ 10 ᠵᠦᠢᠯ ᠤᠨ ᠢᠵᠢ ᠪᠦᠷᠢᠳᠦᠭᠦᠯᠬᠦ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ︽ᠬᠥᠬᠡᠬᠤᠲᠠ ᠶᠢᠨ ᠴᠢᠳᠠᠪᠤᠷᠢᠲᠠᠨ ᠲᠠᠲᠠᠬᠤ ᠲᠥᠷᠥ ᠶᠢᠨ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶ᠎ᠡ ᠴᠠᠷᠠᠭ᠎ᠠ ᠶᠢᠨ10 ᠵᠦᠢᠯ ᠤᠨ ᠢᠵᠢ ᠪᠦᠷᠢᠳᠦᠭᠦᠯᠬᠦ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ︽ᠬᠥᠬᠡᠬᠤᠲᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠣᠷᠭᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠲᠤᠬᠠᠢ ᠰᠠᠨᠠᠯ︾ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠰᠡᠷᠭᠡᠶᠢᠯᠡᠬᠦ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠲᠥᠷᠥᠯ ᠵᠦᠢᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭᠠᠨ ᠢ ᠭᠦᠨᠵᠡᠭᠡᠢ ᠥᠷᠨᠢᠭᠦᠯᠬᠦ ᠲᠥᠰᠥᠯ︾ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃   ᠬᠤᠷᠠᠯ ᠠᠴᠠ ᠵᠢᠭᠠᠵᠤ ᠭᠠᠷᠭᠠᠭᠰᠠᠨ ᠨᠢ᠂ ᠴᠢᠳᠠᠪᠤᠷᠢᠲᠠᠨ ᠥᠭᠡᠳᠡᠯᠡᠨ ᠳᠡᠭᠵᠢᠷᠡᠪᠡᠯ ᠰᠠᠶ᠋ᠢ ᠠᠵᠤ ᠦᠢᠯᠡᠰ ᠬᠥᠭᠵᠢᠨ ᠪᠠᠳᠠᠷᠠᠨ᠎ᠠ᠃ ᠮᠠᠨ ᠤ ᠬᠤᠲᠠ ᠶᠢᠨ ᠴᠢᠳᠠᠪᠤᠷᠢᠲᠠᠨ ᠢ ᠲᠠᠲᠠᠬᠤ ᠲᠥᠷᠥ ᠶᠢᠨ ᠪᠣᠳᠣᠯᠭ᠎ᠠ ᠶᠢᠨ ᠢᠵᠢ ᠪᠦᠷᠢᠳᠦᠭᠦᠯᠬᠦ ᠬᠡᠷᠡᠭᠵᠢᠭᠦᠯᠬᠦ ᠨᠠᠷᠢᠨ ᠳᠦᠷᠢᠮ ᠢ ᠰᠠᠶᠢᠲᠤᠷ ᠲᠤᠭᠤᠷᠪᠢᠬᠤ ᠨᠢ ᠴᠢᠳᠠᠪᠤᠷᠢᠲᠠᠨ ᠢ ᠲᠡᠳᠡᠨ ᠴᠤᠭᠯᠠᠭᠤᠯᠵᠤ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠬᠡᠷᠡᠭᠵᠢᠭᠦᠯᠬᠦ ᠨᠠᠷᠢᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯᠯᠠᠭᠠᠨ ᠤ ᠳᠦᠷᠢᠮ ᠢ ᠨᠠᠷᠢᠯᠢᠭᠵᠢᠭᠤᠯᠵᠤ᠂ ᠦᠨᠡᠯᠡᠬᠦ ᠰᠢᠰᠲ᠋ᠧᠮ ᠳᠤ ᠰᠢᠨ᠎ᠡ ᠶᠢ ᠡᠭᠦᠳᠴᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠢᠵᠢ ᠪᠦᠷᠢᠳᠦᠭᠦᠯᠬᠦ ᠲᠦᠷᠦ ᠶᠢᠨ ᠪᠣᠳᠣᠯᠭ᠎ᠠ ᠶᠢ ᠰᠠᠶᠢᠲᠤᠷ ᠲᠣᠭᠲᠠᠭᠠᠵᠤ᠂ ᠴᠢᠳᠠᠪᠤᠷᠢᠲᠠᠨ ᠢ ᠣᠷᠣᠭᠤᠯᠵᠤ ᠠᠪᠴᠢᠷᠠᠨ ᠦᠯᠡᠳᠡᠭᠡᠵᠦ᠂ ᠲᠡᠳᠡᠨ ᠤ ᠲᠤᠰᠬᠠᠢ ᠮᠡᠷᠭᠡᠵᠢᠯ ᠤᠨ ᠳᠠᠪᠠᠭᠤᠯᠢᠭ ᠢ ᠪᠠᠳᠠᠷᠠᠭᠤᠯᠵᠤ᠂ ᠣᠷᠣᠨ ᠤ ᠲᠥᠪ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃   ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠮᠠᠨ ᠤ ᠬᠤᠲᠠ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠣᠷᠭᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ᠬᠥᠭᠵᠢᠭᠦᠯᠬᠦ ᠪᠠ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠪᠦᠬᠦᠯᠢ ᠴᠣᠭᠴᠠ ᠪᠠ ᠬᠡᠰᠡᠭ ᠲᠠᠯ᠎ᠠ᠂ ᠣᠬᠤᠷ ᠬᠤᠭᠤᠴᠠᠭ᠎ᠠ ᠪᠠ ᠳᠤᠮᠳᠠ ᠤᠷᠲᠤ ᠬᠤᠭᠤᠴᠠᠭᠠᠨ ᠤ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠣᠷᠭᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ ᠣᠷᠣᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠪᠠᠷ ᠵᠢᠯᠣᠭᠤᠳᠤᠯᠭ᠎ᠠ ᠪᠣᠯᠭᠠᠵᠤ᠂ ᠡᠨᠧᠷᠭᠢ ᠶᠢᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠪᠠᠷ ᠵᠠᠩᠭᠢᠯᠠᠭ᠎ᠠ ᠪᠣᠯᠭᠠᠨ᠂ ᠠᠵᠢᠯ ᠢ ᠠᠬᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠠᠷᠭ᠎ᠠ ᠮᠠᠶ᠋ᠢᠭ᠂ ᠠᠮᠢᠳᠤᠷᠠᠯ ᠤᠨ ᠠᠷᠭ᠎ᠠ ᠮᠠᠶ᠋ᠢᠭ᠂ ᠣᠷᠣᠨ ᠵᠠᠢ ᠶᠢᠨ ᠪᠠᠶᠢᠷᠢᠰᠢᠯ ᠢ ᠲᠦᠷᠭᠡᠳᠬᠡᠨ ᠪᠣᠶ ᠪᠣᠯᠭᠠᠵᠤ᠂ ᠴᠠᠭ ᠤᠨ ᠠᠬᠢᠴᠠ ᠶᠢ ᠴᠢᠩᠭ᠎ᠠ ᠵᠢᠷᠤᠮᠯᠠᠨ ᠮᠠᠨ ᠤ ᠬᠤᠲᠠ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠣᠷᠭᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠠᠵᠢᠯ ᠢ ᠥᠨᠳᠥᠷ ᠪᠠᠷᠢᠮᠵᠢᠶ᠎ᠠ ᠲᠠᠢ ᠴᠢᠨᠠᠷ ᠰᠠᠶᠢᠲᠠᠢ ᠠᠬᠢᠭᠤᠯᠬᠤ ᠬᠡᠷᠡᠭᠲᠡᠢ ᠭᠡᠵᠡᠢ᠃   ᠬᠤᠷᠠᠯ ᠠᠴᠠ ᠴᠢᠬᠤᠯᠠᠴᠢᠯᠠᠭᠰᠠᠨ ᠨᠢ᠂ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠡᠮᠬᠢ ᠵᠢᠷᠤᠮ ᠲᠠᠢ ᠠᠬᠢᠭᠤᠯᠬᠤ ᠨᠢ ᠤᠯᠠᠨ ᠲᠦᠮᠡᠨ ᠤ ᠠᠩᠬᠠᠷᠴᠤ ᠪᠠᠶᠢᠭ᠎ᠠ ᠬᠤᠭᠤᠴᠠᠭ᠎ᠠ ᠠᠴᠠ ᠬᠡᠲᠦᠷᠡᠭᠡᠳ ᠬᠢᠨᠠᠨ ᠰᠢᠯᠭᠠᠭᠰᠠᠨ ᠦᠭᠡᠢ᠂ ᠬᠢᠨᠠᠨ ᠰᠢᠯᠭᠠᠬᠤ ᠲᠦᠷᠦ ᠶᠢᠨ ᠪᠣᠳᠣᠯᠭ᠎ᠠ ᠪᠣᠯᠣᠨ ᠮᠡᠷᠭᠡᠵᠢᠯ ᠤᠨ ᠪᠠᠷᠢᠮᠵᠢᠶ᠎ᠠ ᠨᠢ ᠲᠣᠬᠢᠷᠠᠬᠤ ᠦᠭᠡᠢ ᠵᠡᠷᠭᠡ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠰᠡᠷᠭᠡᠶᠢᠯᠡᠬᠦ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠳᠤ ᠦᠯᠡᠳᠡᠭᠳᠡᠵᠦ ᠢᠷᠡᠭᠰᠡᠨ ᠡᠪᠡᠷᠰᠢᠶᠡᠯ᠂ ᠲᠦᠭᠵᠢᠷᠡᠯ᠂ ᠬᠦᠴᠢᠷ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠰᠡᠷᠭᠡᠶᠢᠯᠡᠬᠦ ᠠᠶᠤᠯᠭᠦᠢ ᠶᠢᠨ ᠬᠡᠮ ᠰᠣᠭᠤᠭ ᠢ ᠠᠷᠢᠯᠭᠠᠵᠤ᠂ ᠭᠠᠯ ᠤᠨ ᠭᠠᠮᠰᠢᠭ ᠤᠨ ᠠᠳᠡᠯ ᠭᠠᠷᠬᠤ ᠶᠢ ᠪᠠᠭᠠᠰᠬᠠᠵᠤ ᠴᠢᠳᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠨᠢᠭᠡᠳᠦᠯᠲᠡᠢ ᠲᠥᠯᠥᠪᠯᠡᠨ ᠬᠠᠷᠢᠯᠴᠠᠨ ᠵᠣᠬᠢᠴᠠᠵᠤ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠨ᠂ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠴᠡᠭᠴᠡᠯᠡᠨ ᠵᠠᠰᠠᠬᠤ ᠲᠥᠰᠥᠯ ᠤᠨ ᠠᠵᠢᠯ ᠤᠨ ᠡᠭᠦᠷᠭᠡ ᠬᠠᠷᠠᠯᠲᠠ ᠪᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠲᠤᠰᠬᠠᠢ ᠴᠡᠭᠴᠡᠯᠡᠨ ᠵᠠᠰᠠᠬᠤ ᠠᠵᠢᠯ ᠤᠨ ᠡᠯ᠎ᠡ ᠱᠠᠲᠤ ᠦᠶ᠎ᠡ ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃   ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ