ᠰᠦᠨ ᠱᠤᠤ ᠴᠧᠩ ᠬᠥᠬᠡᠬᠤᠲᠠ ᠳᠤ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢᠰᠦᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/5/23
    ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᠰᠢᠶᠣᠣ ᠳ᠋ᠦᠩ︶ 5 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠥᠬᠡᠬᠤᠲᠠ ᠳᠤ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢᠰᠦᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃   ᠰᠦᠨ ᠱᠤᠤ ᠴᠧᠩ ᠲᠦᠮᠡᠳ ᠵᠡᠭᠦᠨ ᠬᠤᠰᠢᠭᠤᠨ ᠳᠤ ᠬᠦᠷᠴᠦ᠂ ᠢᠯᠢ ᠪᠦᠯᠦᠭᠯᠡᠯ ᠤᠨ ᠨᠢᠯᠬ᠎ᠠ ᠬᠡᠦᠬᠡᠳ ᠤᠨ ᠤᠤᠭᠤᠬᠤ ᠨᠠᠶᠢᠷᠠᠯᠭ᠎ᠠ ᠲᠠᠢ ᠰᠦ ᠶᠢᠨ ᠲᠠᠯᠬ᠎ᠠ ᠶᠢ ᠣᠶᠤᠨᠴᠢ ᠪᠠᠷ ᠦᠢᠯᠡᠳᠬᠦ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠳᠠᠷᠠᠭ᠎ᠠ  ᠨᠢ ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠥᠬᠡᠬᠤᠲᠠ ᠪᠠ ᠢᠯᠢ ᠪᠦᠯᠦᠭᠯᠡᠯ᠂ ᠮᠧᠩ ᠨᠢᠦ ᠪᠦᠯᠦᠭᠯᠡᠯ ᠵᠡᠷᠭᠡ ᠠᠵᠤ  ᠠᠬᠤᠶᠢᠯᠠᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃   ᠰᠦᠨ ᠱᠤᠤ ᠴᠧᠩ᠂ ᠰᠦ ᠶᠢᠨ ᠦᠢᠯᠡᠰ ᠪᠣᠯ ᠥᠪᠥᠷ ᠮᠣᠩᠭᠤᠯ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠮᠥᠨ᠂ ᠡᠷᠬᠡᠪᠰᠢ ᠦᠷᠭᠦᠯᠵᠢᠯᠡᠨ ᠬᠦᠴᠦᠯᠡᠨ ᠰᠠᠶᠢᠲᠤᠷ ᠬᠥᠭᠵᠢᠭᠦᠯᠬᠦ ᠬᠡᠷᠡᠭᠲᠡᠢ᠃ ᠡᠨᠡ ᠵᠢᠯ ᠥᠪᠡᠷᠲᠡᠭᠡᠨ ᠵᠠᠰᠠᠬᠤ ᠣᠷᠣᠨ ᠠᠴᠠ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢᠰᠦᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠲᠥᠷᠥ ᠶᠢᠨ ᠪᠣᠳᠣᠯᠭ᠎ᠠ ᠶᠢᠨ ᠦᠢᠯᠡᠳᠦᠯ ᠶᠠᠭ ᠢᠯᠡᠷᠡᠵᠦ ᠪᠣᠶ᠂ ᠶᠡᠭᠡ ᠬᠦᠴᠦ ᠣᠷᠣᠭᠤᠯᠵᠤ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠭᠡᠪᠡ᠃   ᠰᠦᠨ ᠱᠤᠤ ᠴᠧᠩ᠂ ᠰᠦ ᠶᠢᠨ ᠦᠢᠯᠡᠰ ᠤᠨ ᠠᠵᠤ ᠦᠢᠯᠡᠰ ᠤᠨ ᠬᠡᠯᠬᠢᠶ᠎ᠡ ᠤᠷᠳᠤ᠂ ᠮᠠᠰᠢ ᠤᠯᠠᠨ ᠮᠠᠯᠵᠢᠬᠤ ᠲᠠᠷᠢᠶᠠᠯᠠᠬᠤ ᠡᠷᠦᠬᠡ ᠳᠤ ᠬᠤᠯᠪᠣᠭᠳᠠᠨ᠎ᠠ᠂ ᠵᠠᠰᠠᠭ ᠤᠨ ᠣᠷᠳᠣᠨ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠭᠤᠣᠯ ᠴᠣᠭᠴᠠ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠢ᠃ ᠣᠳᠣᠬᠠᠨ ᠤ ᠰᠦ ᠶᠢᠨ ᠢᠷᠡᠯᠲᠡ ᠶᠢᠨ ᠠᠰᠠᠭᠤᠳᠠᠯ ᠢ ᠰᠢᠢᠳᠪᠦᠷᠢᠯᠡᠬᠦ ᠳᠤ ᠭᠤᠣᠯᠳᠠᠭᠤ ᠲᠡᠵᠢᠭᠡᠨ ᠦᠷᠡᠵᠢᠭᠦᠯᠬᠦ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠡᠯ᠎ᠡ ᠠᠶᠢᠮᠠᠭ ᠬᠤᠲᠠ ᠪᠣᠯᠣᠨ ᠬᠤᠯᠪᠣᠭᠳᠠᠯ ᠪᠦᠬᠦᠢ ᠲᠠᠯ᠎ᠠ ᠶᠢᠨ ᠬᠢᠨ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠯᠬᠤᠮ ᠢᠶᠠᠨ ᠲᠦᠷᠭᠡᠳᠬᠡᠬᠦ ᠬᠡᠷᠡᠭᠲᠡᠢ᠃ ᠢᠯᠢ ᠪᠦᠯᠦᠭᠯᠡᠯ᠂ ᠮᠧᠩ ᠨᠢᠦ ᠪᠦᠯᠦᠭᠯᠡᠯ ᠬᠤᠯᠠ ᠶᠢ ᠬᠠᠷᠠᠵᠤ᠂ ᠶᠠᠰᠤ ᠴᠢᠨᠠᠷ ᠤᠨ ᠠᠶᠤᠯᠭᠦᠢ ᠶᠢᠨ ᠠᠮᠢ ᠨᠠᠰᠤᠨ ᠤ ᠱᠤᠭᠤᠮ ᠢ ᠰᠠᠶᠢᠲᠤᠷ ᠰᠠᠬᠢᠵᠤ᠂ ᠤᠯᠠᠮ ᠨᠢᠭᠡ ᠠᠯᠬᠤᠮ ᠪᠤᠵᠠᠭᠠᠶᠢᠷᠠᠨ ᠬᠦᠴᠦᠷᠬᠡᠭᠵᠢᠵᠦ᠂ ᠳᠠᠭᠠᠭᠤᠯᠤᠭᠴᠢ ᠠᠵᠤ ᠠᠬᠤᠢᠯᠠᠯ ᠤᠨ ᠳᠠᠶᠢᠴᠢᠯᠠᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠶᠢ ᠬᠦᠰᠡᠵᠦ ᠪᠠᠶᠢᠨ᠎ᠠ ᠭᠡᠪᠡ᠃   ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠣᠣ ᠭᠠᠩ᠂ ᠢᠦᠢ ᠯᠢ ᠰᠢᠨ᠂ ᠵᠠᠩ ᠱᠤᠤ ᠴᠦᠨ ᠠᠵᠢᠯᠯᠠᠭ᠎ᠠ ᠳᠤ ᠣᠷᠣᠯᠴᠠᠪᠠ᠃ 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ