︵ᠰᠤᠷᠪᠤᠯᠵᠢᠯᠠᠭᠴᠢ ᠶᠦᠨ ᠵᠢᠩ︶5 ᠳ᠋ᠤᠭᠠᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ | ᠨᠠᠮ ᠤᠨ ᠬᠤᠷᠢᠶ᠎ᠠ ᠶᠢᠨ ᠱᠦᠵᠢ ᠪᠣᠣ ᠭᠠᠩ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ | ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠵᠦᠩ ᠯᠢᠶᠠᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢᠦᠢ ᠵᠢᠶᠦ᠋ᠨ ᠨᠠᠷ ᠲᠠᠢ ᠠᠭᠤᠯᠵᠠᠪᠠ᠃ | ᠪᠣᠣ ᠭᠠᠩ ᠯᠢᠦᠢ ᠵᠢᠶᠦ᠋ᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠵᠦᠩ ᠯᠢᠶᠠᠩ ᠪᠦᠯᠦᠭᠯᠡᠯ ᠵᠢᠴᠢ ᠲᠡᠭᠦᠨ ᠤ ᠳᠣᠣᠷᠠᠬᠢ ᠮᠧᠩ ᠨᠢᠦ ᠪᠦᠯᠦᠭᠯᠡᠯ ᠤᠨ ︽ | ᠳᠤᠮᠳᠠᠳᠤ ᠤᠯᠤᠰ ᠤᠨ ᠰᠦ ᠶᠢᠨ ᠬᠤᠳᠠ︾ ᠶᠢᠨ ᠲᠡᠰ ᠳᠡᠪᠰᠢᠭᠰᠡᠨ ᠬᠡᠪ ᠢ ᠪᠠᠶᠢᠭᠤᠯᠬᠤ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ | ᠂ ᠬᠥᠬᠡᠬᠤᠲᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ | ᠲᠣᠭᠲᠠᠭᠠᠯᠲᠠ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠠᠵᠤ | ᠦᠢᠯᠡᠰ ᠤᠨ ᠰᠢᠨ᠎ᠡ ᠨᠢᠭᠡ ᠡᠭᠡᠯᠵᠢ ᠶᠢᠨ ᠲᠡᠰ ᠳᠡᠪᠰᠢᠭᠰᠡᠨ ᠬᠥᠭᠵᠢᠯᠲᠡ ᠶᠢ ᠢᠳᠡᠪᠬᠢᠲᠡᠢ ᠭᠦᠨᠵᠡᠭᠡᠢ ᠲᠥᠯᠥᠪᠵᠢᠭᠦᠯᠵᠦ ᠪᠠᠶᠢᠨ᠎ᠠ᠃ ᠵᠦᠩ ᠯᠢᠶᠠᠩ ᠪᠦᠯᠦᠭᠯᠡᠯ ᠪᠣᠯ ᠤᠯᠤᠰ ᠤᠨ | ᠠᠮᠤ ᠪᠤᠳᠠᠭᠠᠨ ᠤ ᠠᠵᠢᠯ ᠲᠦᠷᠦᠯ ᠤᠨ ᠭᠤᠣᠯᠯᠠᠭᠴᠢ ᠲᠥᠪ ᠤᠨ ᠠᠵᠤ ᠠᠬᠤᠶᠢᠯᠠᠯ ᠪᠠᠶᠢᠵᠤ᠂ ᠤᠯᠤᠰ ᠤᠨ ᠠᠮᠤ ᠪᠤᠳᠠᠭᠠᠨ ᠤ ᠠᠶᠤᠯᠭᠦᠢ ᠶᠢ ᠪᠠᠲᠤᠯᠠᠬᠤ ᠳᠤ ᠲᠤᠶᠢᠯ ᠤᠨ ᠶᠡᠭᠡ | ᠬᠤᠪᠢ ᠨᠡᠮᠡᠷᠢ ᠦᠵᠡᠭᠦᠯᠵᠡᠢ᠃ ᠵᠦᠩ ᠯᠢᠶᠠᠩ ᠪᠦᠯᠦᠭᠯᠡᠯ ᠬᠥᠬᠡᠬᠤᠲᠠ ᠲᠠᠢ ᠬᠠᠮᠲᠤᠷᠠᠨ ᠤᠯᠤᠰ ᠤᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢᠨ ᠱᠠᠭᠠᠷᠳᠠᠯᠭ᠎ᠠ ᠶᠢ ᠬᠠᠮᠲᠤᠪᠠᠷ ᠨᠠᠶᠢᠳᠠᠪᠤᠷᠢᠵᠢᠭᠤᠯᠵᠤ᠂ ᠬᠥᠬᠡᠬᠤᠲᠠ ᠳᠠᠬᠢ ᠬᠥᠭᠵᠢᠯᠲᠡ ᠶᠢᠨ ᠳᠠᠪᠠᠭᠤᠯᠢᠭ ᠢᠶᠠᠨ ᠪᠠᠲᠤᠳᠬᠠᠵᠤ᠂ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠪᠠᠨ ᠲᠦᠷᠭᠡᠳᠬᠡᠵᠦ᠂ ᠬᠤᠯᠪᠣᠭᠳᠠᠯ ᠪᠦᠬᠦᠢ ᠠᠵᠤ ᠦᠢᠯᠡᠰ ᠤᠨ ᠪᠦᠬᠦ ᠬᠡᠯᠬᠢᠶ᠎ᠡ ᠶᠢᠨ ᠬᠥᠭᠵᠢᠯᠲᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠤᠯᠠᠨ | ᠬᠦᠷᠢᠶᠡᠨ ᠳᠠᠬᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠶᠢᠨ ᠨᠡᠩ ᠥᠨᠳᠥᠷ | ᠲᠦᠪᠰᠢᠨ ᠤ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ᠃ | ᠯᠢᠦᠢ ᠵᠢᠶᠦ᠋ᠨ ᠢᠯᠡᠷᠬᠡᠶᠢᠯᠡᠬᠦ ᠳᠡᠭᠡᠨ᠂ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠠᠵᠤ ᠠᠬᠤᠶᠢᠯᠠᠯ ᠳᠤ ᠴᠢᠨᠠᠷ ᠰᠠᠶᠢᠲᠠᠢ ᠥᠨᠳᠥᠷ | ᠪᠦᠲᠦᠮᠵᠢᠲᠡᠶ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠣᠷᠴᠢᠨ ᠨᠥᠬᠦᠴᠡᠯ ᠬᠠᠩᠭᠠᠭᠰᠠᠨ ᠳᠤ ᠲᠤᠶᠢᠯ ᠢᠶᠠᠷ ᠲᠠᠯᠠᠷᠬᠠᠵᠤ ᠪᠠᠶᠢᠨ᠎ᠠ᠃ ᠵᠦᠩ ᠯᠢᠶᠠᠩ ᠪᠦᠯᠦᠭᠯᠡᠯ ᠲᠤᠰ | ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠦ ᠶᠢᠨ ᠦᠢᠯᠡᠰ᠂ ᠡᠪᠡᠰᠦᠨ ᠦᠷ᠎ᠡ ᠶᠢᠨ ᠦᠢᠯᠡᠰ ᠢᠶᠠᠷ ᠲᠣᠯᠣᠭᠠᠶᠢᠯᠠᠭᠤᠯᠤᠭᠰᠠᠨ ᠪᠣᠬᠢᠷᠳᠤᠯ ᠦᠭᠡᠢ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠥᠭᠡᠮᠨᠡᠷᠡᠯ ᠳᠤ ᠭᠦᠢᠴᠡᠳ ᠬᠦᠴᠦ ᠣᠷᠣᠭᠤᠯᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢᠨ | ᠬᠡᠪᠴᠢᠶ᠎ᠡ ᠪᠣᠯᠣᠨ ᠭᠦᠨᠴᠡ ᠶᠢ ᠦᠷᠭᠦᠯᠵᠢᠯᠡᠨ ᠥᠷᠭᠡᠳᠬᠡᠵᠦ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠲᠤᠰᠠᠯᠠᠨ᠎ᠠ ᠭᠡᠵᠡᠢ᠃ | ᠬᠤᠳᠠ ᠶᠢᠨ ᠤᠳᠤᠷᠢᠳᠤᠯᠭ᠎ᠠ ᠴᠠᠩ ᠫᠧᠢ ᠵᠦᠩ᠂ ᠯᠢᠦ ᠵᠢᠢ ᠶᠢᠩ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃ | |