ᠦᠴᠤᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠦᠬᠦ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ‍ᠤᠨ‌‍ᠰᠠᠭᠤᠷᠢᠨ ᠭᠠᠵᠠᠷ ᠲᠤ ᠬᠦᠷᠴᠦ ᠰᠤᠷᠤᠯᠴᠠᠪᠠ
ᠨᠡᠶᠢᠲᠡᠯᠡᠭᠰᠡᠨ ᠴᠠᠭ᠄
2022/5/24
1.jpg
      ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠤᠨ ᠢᠯᠵᠠᠷᠠᠯ ᠢ ᠡᠰᠡᠷᠭᠦᠴᠡᠨ ᠬᠤᠪᠢᠷᠠᠭᠤᠯᠤᠯᠲᠠ ᠶᠢ ᠰᠡᠷᠭᠡᠶᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠦᠴᠤᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠷᠴᠢᠮᠬᠠᠨ ᠳᠤ ᠪᠦᠬᠦ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠰᠠᠭᠤᠷᠢᠨ ᠭᠠᠵᠠᠷ ᠲᠤ ᠣᠴᠢᠭᠤᠯᠤᠨ ᠰᠤᠷᠤᠯᠴᠠᠭᠤᠯᠵᠠᠶ᠃      ᠴᠢᠬᠡᠴᠢ ᠵᠠᠰᠠᠭ ᠤᠨ ᠬᠥᠮᠦᠵᠢᠯ ᠤᠨ ᠰᠠᠭᠤᠷᠢᠨ ᠭᠠᠵᠠᠷ ᠲᠤ᠂ ᠨᠠᠮ ᠤᠨ ᠭᠡᠰᠢᠭᠦᠳ ᠲᠠᠶᠢᠯᠪᠤᠷᠢᠯᠠᠭᠴᠢ ᠶᠢᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠤᠷᠢᠳ ᠬᠤᠵᠢᠳ ︽ᠠᠷᠢᠭᠤᠨ ᠴᠢᠬᠡᠴᠢ ᠶᠢ ᠡᠷᠬᠢᠮᠯᠡᠬᠦ︾᠂ ︽ᠢᠯᠵᠠᠷᠠᠯ ᠢ ᠡᠰᠡᠷᠭᠦᠴᠡᠬᠦ︾ ᠪᠠᠷ ᠭᠤᠣᠯ ᠰᠡᠳᠦᠪ ᠪᠣᠯᠭᠠᠭᠰᠠᠨ ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠵᠦ᠂ ᠲᠠᠶᠢᠯᠤᠮᠵᠢ᠂ ᠸᠢᠳᠢᠣ᠋ ᠣᠬᠤᠷ ᠹᠢᠯᠢᠮ ᠪᠣᠯᠤᠨ ᠵᠢᠷᠤᠭ ᠦᠰᠦᠭ ᠤᠨ ᠦᠵᠡᠭᠦᠯᠦᠯᠭᠡ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢᠨ ᠲᠤᠷᠰᠢᠬᠢ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠭᠰᠡᠨ ᠥᠩᠭᠡᠷᠡᠯᠲᠡ ᠶᠢ ᠳᠠᠬᠢᠨ ᠡᠷᠭᠢᠴᠡᠭᠦᠯᠵᠦ᠂ ᠠᠬᠠᠮᠠᠳ ᠨᠢᠭᠡ ᠦᠶ᠎ᠡ ᠶᠢᠨ ᠦᠭᠡᠶᠢᠭᠦᠦ ᠠᠩᠭᠢ ᠶᠢᠨ ᠬᠤᠪᠢᠰᠬᠠᠯᠴᠢᠳ ᠤᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠡᠷᠬᠢᠮ ᠳᠡᠭᠡᠳᠦ ᠵᠠᠩ ᠰᠤᠷᠲᠠᠯ ᠪᠣᠯᠤᠨ ᠴᠠᠭ ᠦᠶ᠎ᠡ ᠶᠢᠨ ᠦᠯᠢᠭᠡᠷ ᠳᠠᠭᠤᠷᠢᠶᠠᠯ ᠤᠨ ᠲᠡᠷᠢᠭᠦᠨ ᠤ ᠦᠢᠯᠡ ᠠᠵᠢᠯᠯᠠᠭ᠎ᠠ ᠶᠢ ᠰᠤᠷᠤᠯᠴᠠᠭᠰᠠᠨ ᠪᠠᠶᠢᠨ᠎ᠠ᠃ ᠡᠨᠡ ᠤᠳᠠᠭᠠᠨ ᠤ  ᠰᠢᠭᠤᠳ ᠰᠡᠷᠡᠮᠵᠢᠯᠡᠭᠦᠯᠬᠦ ᠬᠥᠮᠦᠵᠢᠯ ᠢᠶᠠᠷ ᠳᠠᠮᠵᠢᠭᠤᠯᠤᠨ᠂ ᠢᠮᠠᠭᠲᠠ ᠪᠢᠰᠢᠷᠡᠨ ᠵᠢᠷᠦᠬᠡᠰᠢᠶᠡᠬᠦ ᠰᠡᠳᠬᠢᠯ᠂ ᠪᠡᠶ᠎ᠡ ᠪᠠᠨ ᠪᠠᠷᠢᠬᠤ ᠰᠡᠳᠬᠢᠯ ᠢ ᠡᠪᠦᠷᠯᠡᠵᠦ᠂ ᠢᠯᠵᠠᠷᠠᠯ ᠤᠨ ᠨᠡᠶᠢᠲᠡᠯᠢᠭ ᠵᠢᠱᠢᠶ᠎ᠡ ᠪᠠᠷ ᠰᠤᠷᠭᠠᠮᠵᠢ ᠪᠣᠯᠭᠠᠨ᠂ ᠥᠪᠡᠷ ᠢ ᠪᠠᠨ ᠰᠡᠷᠡᠮᠵᠢᠯᠡᠭᠦᠯᠵᠦ᠂ ᠲᠡᠷᠢᠭᠦᠨ ᠤ ᠵᠢᠱᠢᠶᠡᠴᠢ ᠪᠠᠷ ᠦᠯᠢᠭᠡᠷ ᠳᠠᠭᠤᠷᠢᠶᠠᠯ ᠪᠣᠯᠭᠠᠨ ᠥᠪᠡᠷ ᠢ ᠪᠠᠨ ᠵᠣᠷᠢᠭᠵᠢᠭᠤᠯᠵᠤ᠂ ᠡᠪ ᠬᠠᠮᠲᠤ ᠨᠠᠮ ᠤᠨ ᠭᠡᠰᠢᠭᠦᠨ ᠤ ᠲᠥᠪ ᠭᠤᠣᠯᠴᠢ ᠠᠷᠢᠭᠤᠨ ᠴᠢᠬᠡᠴᠢ ᠤᠯᠤᠰ ᠲᠦᠷᠦ ᠶᠢᠨ ᠮᠥᠨ ᠴᠢᠨᠠᠷ ᠢ ᠢᠮᠠᠭᠲᠠ ᠪᠠᠷᠢᠮᠲᠠᠯᠠᠬᠤ ᠬᠡᠷᠡᠭᠲᠡᠶ ᠭᠡᠵᠦ ᠰᠡᠷᠡᠮᠵᠢᠯᠡᠭᠦᠯᠵᠡᠶ᠃      ᠳᠠᠷᠠᠭᠠᠴᠢ ᠶᠢᠨ ᠠᠯᠬᠤᠮ ᠳᠤ᠂ ᠦᠴᠤᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠰᠠᠭᠤᠷᠢ ᠢᠨᠵᠧᠨᠧᠷᠢᠩ ᠢ ᠲᠥᠪ ᠴᠢᠩᠭ᠎ᠠ ᠪᠠᠶᠢᠯᠭᠠᠬᠤ ᠶᠢ ︽ᠭᠤᠷᠪᠠᠨ ᠦᠭᠡᠢ︾ ᠶᠢ ᠨᠢᠭᠡ ᠴᠤᠭᠴᠠᠵᠢᠭᠤᠯᠤᠨ ᠠᠬᠢᠭᠤᠯᠬᠤ ᠲᠠᠢ ᠤᠶᠠᠯᠳᠤᠭᠤᠯᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ ᠢᠯᠵᠠᠷᠠᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠶᠢ ᠠᠷᠢᠯᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠨᠠᠮ ᠢ ᠴᠢᠩᠭ᠎ᠠ ᠵᠠᠰᠠᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠪᠣᠯᠤᠨ᠎ᠠ᠃
ᠢᠷᠡᠯᠲᠡ᠄ ᠦᠴᠤᠸᠠᠨ ᠰᠢᠶᠠᠨ ᠤ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ