5 ᠳ᠋ᠤᠭᠠᠷ ᠰᠠᠷ᠎ᠠ ᠶᠢᠨ 22 ᠤᠨ ᠡᠳᠦᠷ ᠂ ᠬᠤᠲᠠ ᠶᠢᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠬᠤᠲᠠ ᠶᠢ ᠡᠭᠦᠳᠦᠨ ᠪᠠᠶᠢᠭᠤᠯᠬᠤ ᠰᠠᠷ᠎ᠠ ᠶᠢᠨ ᠰᠢᠯᠭᠠᠨ ᠦᠨᠡᠯᠡᠬᠦ ᠠᠵᠢᠯ ᠤᠨ ᠨᠢᠭᠡᠳᠦᠭᠡᠷ ᠳᠤᠭᠤᠶᠢᠯᠠᠩ ᠤᠨ ᠳᠠᠷᠤᠭ᠎ᠠ ᠯᠢᠦ ᠶᠦᠩ ᠴᠦᠨ ᠨᠡᠷ ᠴᠢᠩ ᠱᠦᠶ | ᠾᠧ ᠰᠢᠶᠠᠨ ᠳᠤ ᠬᠦᠷᠴᠦ ᠪᠥᠬᠦ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠬᠤ ᠠᠵᠢᠯ ᠢ | ᠲᠤᠬᠠᠶ ᠶᠢᠨ ᠭᠠᠵᠠᠷ ᠲᠤᠨᠢ ᠰᠢᠯᠭᠠᠨ ᠦᠨᠡᠯᠡᠬᠦ ᠪᠠ ᠵᠢᠭᠠᠨ ᠵᠢᠯᠣᠭᠤᠳᠤᠯᠭ᠎ᠠ ᠥᠷᠨᠢᠭᠦᠯᠪᠡ ᠃ | | | | | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠰᠢᠶᠠᠨ ᠤ ᠳᠡᠳ᠋ ᠳᠠᠷᠤᠭ᠎ᠠ ᠯᠢ ᠵᠢᠶᠦ᠋ᠨ ᠂ ᠰᠢᠶᠠᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠢ ᠮᠢᠨ ᠰᠢᠯᠭᠠᠨ ᠦᠨᠡᠯᠡᠬᠦ ᠬᠠᠷᠢᠭᠤ ᠮᠡᠳᠡᠭᠦᠯᠦᠯᠲᠡ ᠶᠢᠨ ᠬᠤᠷᠠᠯ ᠳᠤ | ᠣᠷᠣᠯᠴᠠᠪᠠ ᠃ ᠬᠤᠷᠠᠯ ᠳᠡᠭᠡᠷ᠎ᠡ ᠂ ᠵᠠᠢ ᠮᠢᠨ ᠵᠢᠷᠭᠤᠭᠠᠨ ᠲᠠᠯ᠎ᠠ ᠪᠠᠷ ᠰᠢᠯᠭᠠᠨ ᠦᠨᠡᠯᠡᠬᠦ ᠳᠤᠭᠤᠶᠢᠯᠠᠩ ᠳᠤ ᠮᠠᠨ ᠤ ᠰᠢᠶᠠᠨ ᠤ ᠤᠢᠢᠷ᠎ᠠ ᠶᠢᠨ ᠬᠤᠭᠤᠴᠠᠭᠠᠨ ᠤ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠦᠭᠰᠡᠨ ᠤ | ᠬᠠᠮᠲᠤ ᠮᠠᠨ ᠤ ᠰᠢᠶᠠᠨ ᠤ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ | ᠬᠦᠷᠦᠯᠴᠡᠬᠦ ᠦᠭᠡᠢ ᠲᠠᠯ᠎ᠠ ᠶᠢ ᠪᠠᠶᠢᠴᠠᠭᠠᠨ ᠳᠡᠯᠭᠡᠵᠦ ᠂ ᠳᠠᠷᠠᠭᠠᠴᠢ ᠶᠢᠨ ᠠᠯᠬᠤᠮ ᠤᠨ ᠴᠢᠷᠮᠠᠶᠢᠬᠤ ᠴᠢᠭᠯᠡᠯ ᠢ ᠲᠣᠳᠣᠷᠬᠠᠶᠢᠯᠠᠪᠠ ᠃ | ᠬᠤᠷᠠᠯ ᠳᠡᠭᠡᠷ᠎ᠡ ᠂ ᠬᠤᠷᠠᠯ ᠳᠤ ᠣᠷᠣᠯᠴᠠᠭᠰᠠᠳ ᠮᠠᠨ ᠤ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠡᠭᠦᠳᠦᠨ | ᠪᠠᠶᠢᠭᠤᠯᠬᠤ ᠠᠵᠢᠯ ᠤᠨ ᠤᠬᠠᠭᠤᠯᠭ᠎ᠠ ᠶᠢᠨ ᠹᠢᠯᠢᠮ ᠢ ᠦᠵᠡᠵᠦ ᠂ ᠡᠭᠦᠨ ᠤ ᠬᠠᠮᠲᠤ ᠰᠢᠯᠭᠠᠯᠲᠠ ᠶᠢᠨ ᠬᠠᠭᠤᠳᠠᠰᠤ ᠪᠠᠨ ᠬᠠᠭᠠᠵᠤ ᠰᠡᠳᠦᠪ ᠬᠠᠷᠢᠭᠤᠯᠬᠤ | ᠬᠡᠯᠪᠡᠷᠢ ᠪᠠᠷ ᠬᠤᠷᠠᠯ ᠳᠤ ᠣᠷᠣᠯᠴᠠᠭᠰᠠᠨ ᠪᠦᠬᠦ ᠬᠥᠮᠦᠰ ᠲᠤ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠂ ᠦᠨᠳᠦᠰᠦᠲᠡᠨ ᠤ ᠬᠠᠤᠯᠢ | ᠴᠠᠭᠠᠵᠠ ᠬᠠᠤᠯᠢ ᠲᠣᠭᠲᠠᠭᠠᠯ ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠵᠡᠷᠭᠡ ᠮᠡᠳᠡᠯᠭᠡ ᠶᠢᠨ ᠲᠣᠭᠤᠷᠢᠨ ᠳᠤ ᠰᠢᠯᠭᠠᠯᠲᠠ ᠬᠢᠵᠦ ᠂ ᠤᠳᠤᠷᠢᠳᠬᠤ | ᠺᠠᠳ᠋ᠷᠴᠤᠳ ᠤᠨ ᠦᠨᠳᠦᠰᠦᠲᠡᠨ ᠤ ᠪᠦᠯᠬᠦᠮᠳᠡᠯ ᠤᠨ ᠲᠤᠬᠠᠶ ᠮᠡᠳᠡᠯᠭᠡ ᠶᠢ ᠡᠵᠡᠮᠰᠢᠭᠰᠡᠨ ᠪᠠᠶᠢᠳᠠᠯ ᠢ ᠰᠢᠯᠭᠠᠨ ᠪᠠᠶᠢᠴᠠᠭᠠᠭᠰᠠᠨ ᠤ ᠬᠠᠮᠲᠤ ᠰᠢᠯᠭᠠᠯᠲᠠ ᠪᠠᠷ | ᠰᠤᠷᠤᠯᠴᠠᠯᠭ᠎ᠠ ᠶᠢ ᠠᠬᠢᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠵᠡᠯ ᠤᠬᠠᠮᠰᠠᠷ ᠢ ᠥᠷᠭᠡᠨ ᠢᠶᠠᠷ | ᠴᠢᠩᠭᠠᠷᠠᠭᠤᠯᠵᠤ ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠵᠡᠯ ᠰᠠᠨᠠᠭᠠᠨ ᠤ ᠤᠬᠠᠭᠤᠯᠭ᠎ᠠ ᠬᠥᠮᠦᠵᠢᠯ ᠤᠨ ᠡᠷᠴᠢᠮ ᠢ ᠤᠯᠠᠮ ᠨᠢᠭᠡ ᠠᠯᠬᠤᠮ | ᠴᠢᠩᠭᠠᠷᠠᠭᠤᠯᠵᠤ ᠂ ᠡᠭᠦᠳᠦᠨ ᠪᠠᠶᠢᠭᠤᠯᠬᠤ ᠠᠵᠢᠯ ᠤᠨ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠭᠰᠠᠨ ᠪᠠᠶᠢᠨ᠎ᠠ ᠃ ᠶᠠᠷᠢᠯᠴᠠᠬᠤ ᠬᠤᠷᠠᠯ ᠤᠨ ᠳᠠᠷᠠᠭ᠎ᠠ ᠂ | ᠰᠢᠯᠭᠠᠨ ᠦᠨᠡᠯᠡᠬᠦ ᠳᠤᠭᠤᠶᠢᠯᠠᠩ ᠤᠨ ᠬᠢᠨ ᠬᠤᠯᠪᠣᠭᠳᠠᠯ ᠪᠦᠬᠦᠢ ᠳᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠪᠡ ᠃ | | | | | | ᠬᠤᠷᠠᠯ ᠤᠨ ᠳᠠᠷᠠᠭ᠎ᠠ ᠂ ᠰᠢᠯᠭᠠᠨ ᠦᠨᠡᠯᠡᠬᠦ ᠳᠤᠭᠤᠶᠢᠯᠠᠩ ᠤᠨ ᠬᠢᠨ ᠴᠧᠩ ᠭᠤᠸᠠᠨ ᠪᠠᠯᠭᠠᠰᠤ ᠶᠢᠨ ᠬᠤᠸᠠ ᠶᠤᠸᠠᠨ ᠨᠡᠶᠢᠭᠡᠮ ᠲᠣᠭᠤᠷᠢᠭ ᠂ ᡁᠢ ᠵᠢᠢ | ᠶᠧ ᠲᠣᠰᠬᠤᠨ ᠤ ᠠᠷᠠᠳ ᠤᠨ ᠵᠥᠪᠯᠡᠯ ᠂ ᠴᠧᠩ ᠭᠤᠸᠠᠨ ᠤ ᠨᠢᠭᠡᠳᠦᠭᠡᠷ ᠪᠠᠭ᠎ᠠ ᠰᠤᠷᠭᠠᠭᠤᠯᠢ ᠂ ᠰᠢᠭᠦᠬᠦ ᠬᠤᠷᠢᠶ᠎ᠠ ᠵᠡᠷᠭᠡ ᠳᠦᠷᠪᠡᠨ ᠨᠢᠭᠡᠴᠡ ᠳᠤ | ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠰᠤᠷᠪᠤᠯᠵᠢᠯᠠᠵᠤ ᠂ ᠮᠠᠨ ᠤ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠤᠯᠠᠮ ᠴᠢᠨᠠᠭᠰᠢᠳᠠ ᠣᠶᠢᠯᠠᠭᠠᠪᠠ ᠃ ᠠᠵᠢᠯ ᠤᠨ ᠦᠷ᠎ᠡ ᠪᠦᠲᠦᠮᠵᠢ ᠶᠢ ᠨᠤᠲᠠᠯᠠᠬᠤ ᠶᠢᠨ | ᠬᠠᠮᠲᠤ ᠪᠣᠳᠠᠲᠠᠶ ᠰᠢᠯᠭᠠᠨ ᠦᠨᠡᠯᠡᠬᠦ ᠰᠠᠨᠠᠯ ᠳᠤᠷᠠᠳᠪᠠ ᠃ ᠯᠢᠦ ᠶᠦᠩ ᠴᠦᠨ ᠨᠡᠶᠢᠭᠡᠮ ᠲᠣᠭᠤᠷᠢᠭ ᠤᠨ ︽ ᠵᠠᠭᠠᠯᠳᠤᠯᠭ᠎ᠠ ᠦᠭᠡᠢ ᠪᠠᠷ ᠤᠷᠢᠳᠠᠪᠠᠷ | ᠭᠦᠢᠴᠡᠳᠬᠡᠬᠦ ︾ ᠠᠷᠠᠳ ᠤᠨ ᠲᠥᠯᠥᠭᠡ ᠬᠡᠷᠡᠭ ᠡᠷᠬᠢᠯᠡᠬᠦ ᠵᠠᠭᠪᠤᠷ ᠢ ᠳᠡᠭᠡᠳᠦ ᠬᠡᠮᠵᠢᠶ᠎ᠡ ᠪᠠᠷ ᠦᠨᠡᠯᠡᠵᠦ ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠂ | ᠬᠠᠮᠤᠭ ᠤᠨ ᠰᠢᠭᠤᠳ ᠂ ᠬᠠᠮᠤᠭ ᠤᠨ ᠪᠣᠳᠠᠲᠠᠢ ᠠᠰᠠᠭᠤᠳᠠᠯ ᠠᠴᠠ ᠭᠠᠷᠳᠠᠵᠤ ᠂ ᠦᠨᠳᠦᠰᠦᠲᠡᠨ ᠨᠦᠭᠦᠳ ᠤᠨ ᠡᠶ᠎ᠡ ᠵᠣᠬᠢᠴᠠᠩᠭᠤᠢ ᠬᠥᠭᠵᠢᠯᠲᠡ ᠶᠢ | ᠠᠬᠢᠭᠤᠯᠤᠭᠰᠠᠨ ᠳᠤ ᠮᠠᠰᠢ ᠪᠠᠶᠠᠷᠯᠠᠵᠤ ᠪᠠᠶᠢᠨ᠎ᠠ ᠃ ᠡᠭᠦᠨ ᠤ ᠬᠠᠮᠲᠤ ᠂ ᠡᠯ᠎ᠡ ᠰᠠᠯᠠᠭ᠎ᠠ ᠮᠥᠴᠢᠷ ᠤᠨ ᠬᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ | ᠡᠭᠦᠳᠦᠨ ᠪᠠᠶᠢᠭᠤᠯᠬᠤ ᠠᠵᠢᠯ ᠢ ᠦᠨᠳᠦᠰᠦᠨ ᠱᠠᠲᠤᠨ ᠳᠤ ᠬᠦᠷᠲᠡᠯ᠎ᠡ ᠦᠷᠭᠦᠯᠵᠢᠯᠡᠭᠦᠯᠬᠦ ᠪᠠᠷ ᠪᠠᠷᠠᠬᠤ ᠦᠭᠡᠢ ᠂ ᠨᠡᠩ ᠴᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠦᠨᠳᠦᠰᠦᠨ ᠱᠠᠲᠤᠨ ᠳᠤ ᠲᠤᠭᠤᠰᠢᠯᠠᠭᠤᠯᠬᠤ ᠠᠵᠤ ᠦᠢᠯᠡᠰ ᠤᠨ ᠬᠥᠭᠵᠢᠯᠲᠡ ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠂ ᠰᠣᠶᠣᠯ ᠤᠨ ᠤᠯᠠᠮᠵᠢᠯᠠᠯ ᠂ ᠨᠡᠶᠢᠭᠡᠮ ᠤᠨ ᠵᠠᠰᠠᠯᠲᠠ ᠵᠡᠷᠭᠡ ᠲᠠᠯ᠎ᠠ | ᠪᠦᠬᠦᠨ ᠳᠤ ᠪᠠᠲᠤ ᠪᠠᠬᠢ ᠲᠤᠭᠤᠰᠢᠯᠠᠭᠤᠯᠵᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ ᠃ | ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠵᠢᠴᠢ ᠡᠯ᠎ᠡ ᠰᠢᠶᠠᠩ ᠪᠠᠯᠭᠠᠰᠤ ᠂ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ | ᠬᠤᠷᠠᠯ ᠳᠤ ᠣᠷᠣᠯᠴᠠᠪᠠ ᠃ | |