ᠾᠧ ᠬᠠᠢ ᠳ᠋ᠦᠩ ᠬᠤᠲᠠ ᠶᠢᠨ ᠳᠠᠷᠤᠭ᠎ᠠ ᠶᠢᠨ ᠠᠯᠪᠠᠨ ᠬᠤᠷᠠᠯ ᠢ ᠡᠷᠭᠢᠯᠡᠨ ᠬᠤᠷᠠᠯᠳᠤᠭᠤᠯᠵᠤ ᠪᠥᠬᠦ ᠬᠤᠲᠠ ᠶᠢᠨ ᠰᠤᠷᠭᠠᠨ ᠬᠥᠮᠦᠵᠢᠯ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠤᠰᠬᠠᠢ ᠰᠤᠳᠤᠯᠪᠠ
ᠨᠡᠶᠢᠲᠡᠯᠡᠭᠰᠡᠨ ᠴᠠᠭ᠄
2022/5/24
      ︵ᠰᠤᠷᠪᠤᠯᠵᠢᠯᠠᠭᠴᠢ ᠯᠢᠶᠠᠩ ᠵᠢᠩ ᠱᠤ᠋︶ 5 ᠳ᠋ᠤᠭᠠᠷ ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠾᠧ ᠬᠠᠢ ᠳ᠋ᠦᠩ ᠬᠤᠲᠠ ᠶᠢᠨ ᠳᠠᠷᠤᠭ᠎ᠠ ᠶᠢᠨ ᠠᠯᠪᠠᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠰᠤᠷᠭᠠᠨ ᠬᠥᠮᠦᠵᠢᠯ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠤᠰᠬᠠᠢ ᠰᠡᠳᠦᠪ ᠢᠶᠠᠷ ᠰᠤᠳᠤᠯᠪᠠ᠃ ᠬᠤᠷᠠᠯ ᠠᠴᠠ ᠮᠠᠨ ᠤ ᠬᠤᠲᠠ ᠶᠢᠨ ᠰᠤᠷᠭᠠᠨ ᠬᠥᠮᠦᠵᠢᠯ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠭᠤᠣᠯᠳᠠᠯᠭ᠎ᠠ ᠲᠠᠢ ᠭᠠᠵᠠᠷ ᠣᠷᠣᠨ᠂ ᠰᠠᠯᠠᠭ᠎ᠠ ᠮᠥᠴᠢᠷ ᠤᠨ ᠡᠭᠦᠷᠭᠡᠯᠡᠵᠦ ᠪᠠᠶᠢᠭ᠎ᠠ ᠰᠤᠷᠭᠠᠨ ᠬᠥᠮᠦᠵᠢᠯ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠬᠥᠬᠡᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠵᠢᠭᠠᠭᠰᠠᠨ ᠨᠢ᠂ ᠰᠤᠷᠭᠠᠨ ᠬᠥᠮᠦᠵᠢᠯ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠂ ᠲᠦᠭ ᠲᠦᠮᠡᠨ ᠠᠶᠢᠯ ᠡᠷᠦᠬᠡ ᠳᠤ ᠠᠰᠢᠭ ᠬᠦᠷᠲᠡᠭᠡᠵᠦ᠂ ᠠᠷᠠᠳ ᠤᠯᠠᠨ ᠤ ᠬᠤᠪᠢ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ ᠪᠠᠶᠢᠳᠠᠭ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠲᠥᠪ᠂ ᠥᠪᠡᠷᠲᠡᠭᠡᠨ ᠵᠠᠰᠠᠬᠤ ᠣᠷᠣᠨ ᠪᠣᠯᠣᠨ ᠮᠠᠨ ᠤ ᠬᠤᠲᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠬᠠᠩᠭᠠᠯᠭ᠎ᠠ ᠶᠢ ᠥᠷᠭᠡᠳᠬᠡᠵᠦ᠂ ᠰᠤᠷᠬᠤ ᠨᠠᠰᠤᠨ  ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠤᠨ ᠬᠥᠭᠵᠢᠯᠲᠡ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠨᠠᠷ ᠳᠡᠭᠡᠭᠰᠢᠯᠡᠭᠰᠡᠨ ᠬᠥᠭᠵᠢᠯᠲᠡ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠨᠴᠠᠯᠢᠭᠲᠤ ᠬᠥᠭᠵᠢᠯᠲᠡ ᠶᠢ ᠲᠦᠯᠬᠢᠨ ᠠᠬᠢᠭᠤᠯᠵᠤ᠂ ᠣᠷᠣᠨ ᠤ ᠲᠥᠪ ᠬᠤᠲᠠ ᠶᠢᠨ ᠣᠨᠴᠠᠯᠢᠭ ᠲᠠᠢ ︽ᠰᠤᠷᠤᠯᠴᠠᠬᠤ ᠳᠤ ᠲᠣᠬᠢᠷᠠᠮᠵᠢᠲᠠᠢ︾ ᠬᠤᠲᠠ ᠶᠢ ᠬᠦᠴᠦᠯᠡᠨ ᠪᠠᠶᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠠᠴᠢᠮ ᠲᠤᠯᠭᠠᠮ᠎ᠠ ᠰᠡᠳᠬᠢᠯᠭᠡ ᠪᠣᠯᠣᠨ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠠᠲᠤᠳᠬᠠᠵᠤ᠂ ᠪᠠᠷᠢᠯᠭ᠎ᠠ ᠶᠢᠨ ᠠᠬᠢᠴᠠ ᠶᠢ ᠰᠢᠮᠳᠠᠭᠤᠯᠤᠨ ᠲᠦᠷᠭᠡᠳᠬᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠲᠤᠯᠭᠠᠷᠠᠭᠰᠠᠨ ᠠᠰᠠᠭᠤᠳᠠᠯ ᠪᠣᠯᠣᠨ ᠬᠦᠴᠢᠷᠳᠡᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠴᠠᠭ ᠬᠤᠭᠤᠴᠠᠭ᠎ᠠ ᠶᠢ ᠴᠢᠩᠭ᠎ᠠ ᠡᠵᠡᠮᠰᠢᠵᠦ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ᠂ ᠬᠡᠷᠡᠭᠯᠡᠬᠦ ᠭᠠᠵᠠᠷ ᠢ ᠵᠦᠢ ᠵᠣᠬᠢᠰᠲᠠᠢ ᠲᠥᠯᠥᠪᠵᠢᠭᠦᠯᠵᠦ᠂ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠲᠥᠷᠥᠯ ᠵᠦᠢᠯ ᠢ ᠡᠷᠲᠡᠬᠡᠨ ᠪᠠᠶᠢᠭᠤᠯᠵᠤ᠂ ᠡᠷᠲᠡᠬᠡᠨ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ᠃ ᠲᠥᠷᠥᠯ ᠵᠦᠢᠯ ᠤᠨ ᠪᠡᠯᠡ ᠮᠥᠩᠭᠦ ᠶᠢ ᠢᠳᠡᠪᠬᠢᠲᠡᠢ ᠴᠢᠷᠮᠠᠶᠢᠨ ᠣᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠤᠯᠤᠰ ᠤᠨ ᠪᠠᠷᠢᠮᠵᠢᠶ᠎ᠠ ᠶᠣᠰᠣᠭᠠᠷ ᠢᠳᠡᠪᠬᠢᠲᠡᠢ ᠲᠥᠯᠥᠪᠯᠡᠨ ᠠᠬᠢᠭᠤᠯᠵᠤ᠂ ᠦᠨᠳᠦᠰᠦᠨ ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠬᠦ ᠨᠥᠬᠦᠴᠡᠯ ᠪᠣᠯᠣᠨ ᠰᠤᠷᠭᠠᠨ ᠬᠥᠮᠦᠵᠢᠯ ᠤᠨ ᠣᠷᠴᠢᠨ ᠲᠣᠭᠤᠷᠢᠨ ᠢ ᠲᠠᠰᠤᠷᠠᠯᠲᠠ ᠦᠭᠡᠢ ᠰᠠᠶᠢᠵᠢᠷᠠᠭᠤᠯᠬᠤ ᠬᠡᠷᠡᠭᠲᠡᠢ᠃ ᠤᠷᠢᠳᠴᠢᠯᠠᠨ ᠭᠠᠷᠳᠠᠨ ᠬᠢᠵᠦ᠂ ᠪᠠᠶᠢᠭᠤᠯᠤᠭᠳᠠᠭᠰᠠᠨ ᠤ ᠳᠠᠷᠠᠭᠠᠬᠢ ᠰᠤᠷᠭᠠᠭᠤᠯᠢ ᠶᠢᠨ ᠪᠠᠶᠢᠷᠢᠰᠢᠯ ᠢ ᠦᠨᠳᠦᠰᠦᠯᠡᠨ᠂ ᠪᠠᠭᠰᠢ ᠶᠢᠨ ᠬᠦᠴᠦᠨ ᠢ ᠵᠣᠬᠢᠰᠲᠠᠢ ᠲᠣᠬᠢᠷᠠᠭᠤᠯᠵᠤ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠪᠥᠬᠦ ᠬᠤᠲᠠ ᠶᠢᠨ ᠰᠤᠷᠭᠠᠨ ᠬᠥᠮᠦᠵᠢᠯ ᠤᠨ ᠦᠢᠯᠡᠰ ᠤᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃      ᠬᠤᠳᠠ ᠶᠢᠨ ᠳᠡᠳ᠋ ᠳᠠᠷᠤᠭ᠎ᠠ ᠰᠢᠶᠣᠣ ᠹᠠᠩ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢᠦ ᠵᠠᠨ ᠶᠢᠩ᠂ ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠪᠣᠯᠣᠨ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ