ᠪᠣᠣ ᠭᠠᠩ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠬᠠᠮᠠᠭᠠᠯᠠᠵᠤ ᠨᠡᠭᠡᠭᠡᠨ ᠠᠰᠢᠭᠯᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/5/24
      ︵ᠰᠤᠷᠪᠤᠯᠵᠢᠯᠠᠭᠴᠢ ᠶᠦᠨ ᠵᠢᠩ︶ 5 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠰᠠᠶᠢᠬᠠᠨ ᠲᠣᠭᠤᠷᠢᠭ ᠲᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠬᠠᠮᠠᠭᠠᠯᠠᠵᠤ ᠨᠡᠭᠡᠭᠡᠨ ᠠᠰᠢᠭᠯᠠᠬᠤ ᠠᠵᠢᠯ ᠢ ᠪᠠᠶᠢᠴᠠᠭᠠᠨ ᠰᠤᠳᠤᠯᠵᠠᠢ᠃      ᠪᠣᠣ ᠭᠠᠩ᠂ ᠪᠦᠬᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠴᠠᠭᠠᠨ ᠰᠤᠪᠤᠷᠭ᠎ᠠ ᠭᠠᠯᠲᠤ ᠲᠡᠷᠭᠡᠨ ᠦᠷᠳᠡᠭᠡ ᠶᠢᠨ ᠬᠠᠭᠤᠴᠢᠨ ᠪᠠᠭᠤᠷᠢ ᠪᠣᠯᠣᠨ ᠲᠦᠮᠡᠨ ᠪᠣᠳᠢ ᠴᠡᠴᠡᠭ ᠤᠨ ᠴᠢᠮᠡᠭᠲᠦ ᠰᠤᠳᠤᠷ ᠤᠨ ᠰᠤᠪᠤᠷᠭ᠎ᠠ ᠳᠤ ᠲᠡᠦᠬᠡ ᠶᠢᠨ ᠳᠤᠷᠠᠰᠬᠠᠯᠲᠤ ᠵᠦᠢᠯᠡᠰ ᠤᠨ ᠣᠳᠣᠬᠢ ᠪᠠᠶᠢᠳᠠᠯ᠂ ᠰᠡᠯᠪᠢᠨ ᠵᠠᠰᠠᠵᠤ ᠬᠠᠮᠠᠭᠠᠯᠠᠬᠤ ᠪᠠ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠠᠰᠢᠭᠯᠠᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠴᠠᠭᠠᠨ ᠰᠤᠪᠤᠷᠭ᠎ᠠ ᠭᠠᠯᠲᠤ ᠲᠡᠷᠭᠡᠨ ᠦᠷᠳᠡᠭᠡ ᠨᠢᠭᠡᠨᠲᠡ ᠵᠠᠭᠤᠨ ᠵᠢᠯ ᠤᠨ ᠲᠡᠦᠬᠡ ᠲᠠᠢ ᠪᠣᠯᠵᠤ ᠲᠡᠦᠬᠡ ᠶᠢᠨ ᠳᠤᠷᠠᠰᠬᠠᠯᠲᠤ ᠵᠦᠢᠯ ᠤᠨ ᠦᠨ᠎ᠡ ᠦᠷᠳᠡᠭ ᠨᠢ ᠬᠤᠪᠣᠷ ᠨᠠᠨᠳᠢᠨ ᠶᠤᠮ᠂ ᠬᠠᠮᠠᠭᠠᠯᠠᠵᠤ ᠰᠡᠯᠪᠢᠨ ᠵᠠᠰᠠᠬᠤ ᠪᠠ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯ ᠢ ᠰᠠᠶᠢᠲᠤᠷ ᠬᠢᠵᠦ᠂ ᠬᠤᠯᠪᠣᠭᠳᠠᠯ ᠪᠦᠬᠦᠢ ᠲᠡᠦᠬᠡ ᠶᠢᠨ ᠳᠤᠷᠠᠰᠬᠠᠯᠲᠤ ᠵᠦᠢᠯ ᠢ ᠰᠠᠶᠢᠲᠤᠷ ᠴᠤᠭᠯᠠᠭᠤᠯᠤᠨ ᠳᠡᠯᠭᠡᠨ ᠦᠵᠡᠭᠦᠯᠵᠦ᠂ ᠬᠤᠳᠠ ᠶᠢᠨ ᠲᠣᠭᠤᠰᠣᠨ ᠳᠤ ᠳᠠᠷᠤᠭᠳᠠᠭᠰᠠᠨ ᠤᠢ ᠳᠤᠷᠠᠰᠤᠮᠵᠢ ᠶᠢ ᠦᠯᠡᠳᠡᠭᠡᠵᠦ᠂ ᠬᠤᠪᠢᠰᠬᠠᠯ ᠤᠨ ᠦᠯᠢᠭᠡᠷ ᠢ ᠰᠠᠶᠢᠲᠤᠷ ᠶᠠᠷᠢᠬᠤ ᠬᠡᠷᠡᠭᠲᠡᠢ᠃ ᠲᠦᠮᠡᠨ ᠪᠣᠳᠢ ᠴᠡᠴᠡᠭ ᠤᠨ ᠴᠢᠮᠡᠭᠲᠦ ᠰᠤᠳᠤᠷ ᠤᠨ ᠰᠤᠪᠤᠷᠭ᠎ᠠ ᠶᠢ ᠲᠡᠦᠬᠡ ᠰᠣᠶᠣᠯ ᠤᠨ ᠥᠪ ᠪᠣᠯᠭᠠᠵᠤ᠂ ᠦᠨᠡᠨᠬᠦ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠵᠤ᠂ ᠰᠠᠶᠢᠲᠤᠷ ᠠᠰᠢᠭᠯᠠᠵᠤ᠂ ᠠᠮᠢᠳᠤᠯᠢᠭ ᠲᠡᠦᠬᠡ ᠶᠢᠨ ᠦᠯᠢᠭᠡᠷ ᠢ ᠭᠦᠢᠴᠡᠳ ᠠᠭᠤᠳᠠᠯᠵᠤ᠂ ᠮᠢᠩᠭᠠᠨ ᠣᠨ ᠤ ᠡᠷᠲᠡᠨ ᠤ ᠰᠤᠪᠤᠷᠭ᠎ᠠ ᠶᠢ ᠰᠢᠨ᠎ᠡ ᠷᠢᠳᠢ ᠰᠢᠳᠢ ᠲᠠᠢ ᠪᠣᠯᠭᠠᠬᠤ ᠬᠡᠷᠡᠭᠲᠡᠢ ᠭᠡᠵᠡᠢ᠃      ᠪᠣᠣ ᠭᠠᠩ ᠬᠡᠯᠡᠬᠦ ᠳᠡᠭᠡᠨ᠂ ᠬᠥᠬᠡᠬᠤᠲᠠ ᠨᠢ ᠤᠯᠤᠰ ᠤᠨ ᠲᠡᠦᠬᠡ ᠰᠣᠶᠣᠯ ᠤᠨ ᠨᠡᠷᠡᠲᠦ ᠬᠤᠲᠠ ᠪᠣᠯᠤᠭᠰᠠᠨ ᠤ ᠬᠤᠪᠢ ᠳᠤ᠂ ᠰᠣᠶᠣᠯ ᠢᠷᠭᠡᠨᠰᠢᠯ ᠥᠳᠬᠡᠨ ᠵᠤᠵᠠᠭᠠᠨ᠂ ᠲᠡᠦᠬᠡ ᠰᠣᠶᠣᠯ ᠤᠨ ᠳᠤᠷᠠᠰᠬᠠᠯᠲᠤ ᠵᠦᠢᠯ ᠣᠯᠠᠨ ᠪᠠᠶᠢᠳᠠᠭ᠂ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠭᠠᠵᠠᠷ ᠣᠷᠣᠨ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠴᠢᠬᠤᠯᠠ ᠦᠨ᠎ᠡ ᠥᠷᠲᠡᠭ ᠢ ᠭᠦᠨᠵᠡᠭᠡᠢ ᠲᠠᠨᠢᠵᠤ᠂ ᠬᠠᠮᠠᠭᠠᠯᠠᠬᠤ ᠪᠠ ᠨᠡᠭᠡᠭᠡᠨ ᠠᠰᠢᠭᠯᠠᠬᠤ ᠶᠢ ᠵᠡᠷᠭᠡᠪᠡᠷ ᠴᠢᠬᠤᠯᠠᠴᠢᠯᠠᠬᠤ᠂ ᠤᠯᠠᠮᠵᠢᠯᠠᠨ ᠵᠠᠯᠭᠠᠮᠵᠢᠯᠠᠬᠤ ᠪᠠ ᠠᠭᠤᠰᠤᠯᠴᠠᠭᠤᠯᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠡᠯᠪᠡᠭ ᠪᠠᠶᠠᠯᠢᠭ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠨᠢᠭᠡᠳᠦᠯᠲᠡᠢ ᠲᠥᠯᠥᠪᠵᠢᠭᠦᠯᠵᠦ ᠵᠢᠷᠤᠭᠯᠠᠨ ᠲᠥᠯᠥᠪᠯᠡᠬᠦ ᠶᠢ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠬᠦ ᠶᠢ ᠣᠷᠭᠠᠨᠢᠭ ᠢᠶᠠᠷ ᠤᠶᠠᠯᠳᠤᠭᠤᠯᠬᠤ ᠪᠠᠷ ᠴᠢᠷᠮᠠᠶᠢᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠢ ᠵᠢᠭᠤᠯᠴᠢᠯᠠᠯ ᠤᠨ ᠡᠬᠢ ᠪᠠᠶᠠᠯᠢᠭ ᠪᠣᠯᠭᠠᠨ ᠬᠤᠪᠢᠷᠠᠭᠤᠯᠵᠤ᠂ ᠵᠢᠭᠤᠯᠴᠢᠯᠠᠯ ᠤᠨ ᠡᠬᠢ ᠪᠠᠶᠠᠯᠢᠭ ᠢ ᠬᠥᠭᠵᠢᠯᠲᠡ ᠶᠢᠨ ᠡᠬᠢ ᠪᠠᠶᠠᠯᠢᠭ ᠪᠣᠯᠭᠠᠨ ᠬᠤᠪᠢᠷᠠᠭᠤᠯᠵᠤ᠂ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠰᠠᠭᠤᠷᠢ ᠪᠡᠯᠡᠳᠬᠡᠮᠵᠢ ᠶᠢ ᠢᠵᠢ ᠪᠦᠷᠢᠳᠦᠭᠦᠯᠬᠦ ᠵᠡᠷᠭᠡ ᠬᠠᠮᠢᠶ᠎ᠠ ᠪᠦᠬᠦᠢ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠵᠢᠭᠤᠯᠴᠢᠯᠠᠯ ᠤᠨ ᠵᠠᠮ ᠱᠤᠭᠤᠮ ᠢ ᠢᠳᠡᠪᠬᠢᠲᠡᠢ ᠴᠣᠭᠴᠠᠯᠠᠵᠤ᠂ ᠵᠢᠭᠤᠯᠴᠢᠯᠠᠯ ᠤᠨ ᠦᠵᠡᠮᠵᠢ ᠶᠢᠨ ᠭᠠᠵᠠᠷ ᠢ ︽ᠬᠤᠯᠪᠣᠵᠤ︾᠂ ᠰᠣᠶᠣᠯ ᠵᠢᠭᠤᠯᠴᠢᠯᠠᠯ ᠤᠨ ᠠᠵᠤ ᠦᠢᠯᠡᠰ ᠢ ︽ᠬᠥᠭᠵᠢᠶᠡᠨ ᠲᠠᠢ︾ ᠪᠣᠯᠭᠠᠬᠤ ᠬᠡᠷᠡᠭᠲᠡᠢ ᠭᠡᠵᠡᠢ᠃      ᠪᠣᠣ ᠭᠠᠩ ᠴᠢᠯᠠᠭᠤᠨ ᠬᠥᠮᠥᠨ ᠤ ᠲᠣᠬᠤᠢ ᠶᠢᠨ ᠬᠥᠳᠡᠭᠡ ᠲᠣᠰᠬᠤᠨ ᠤ ᠵᠢᠭᠤᠯᠴᠢᠯᠠᠯ ᠤᠨ ᠲᠦᠷᠦᠯ ᠵᠦᠢᠯ ᠢ ᠪᠠᠶᠢᠴᠠᠭᠠᠨ ᠰᠤᠳᠤᠯᠬᠤ ᠳᠠᠭᠠᠨ᠂ ᠰᠠᠶᠢᠬᠠᠨ ᠲᠣᠭᠤᠷᠢᠭ ᠤᠨ  ᠬᠢᠨ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠵᠤ᠂ ᠪᠠᠶᠢᠭᠠᠯᠢ ᠶᠢᠨ ᠭᠤᠸ᠎ᠠ ᠰᠠᠶᠢᠬᠠᠨ᠂ ᠰᠣᠶᠣᠯ ᠢᠷᠭᠡᠨᠰᠢᠯ ᠤᠨ ᠭᠤᠸ᠎ᠠ ᠰᠠᠶᠢᠬᠠᠨ ᠢ ᠲᠤᠪᠤᠶᠢᠯᠭᠠᠵᠦ᠂ ᠬᠥᠳᠡᠭᠡ ᠲᠣᠰᠬᠤᠨ ᠤ ᠵᠢᠭᠤᠯᠴᠢᠯᠠᠯ ᠢ ᠬᠥᠭᠵᠢᠭᠦᠯᠵᠦ᠂ ᠡᠷᠬᠢᠨ ᠲᠣᠭᠤᠷᠢᠨ ᠤ ᠲᠣᠰᠬᠤᠨ ᠤ ᠠᠷᠠᠳ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ ᠬᠡᠷᠡᠭᠲᠡᠢ ᠭᠡᠵᠡᠢ᠃ ᠲᠤᠰ ᠡᠳᠦᠷ᠂  ᠪᠣᠣ ᠭᠠᠩ ᠬᠤᠸᠠᠬᠤᠰᠢᠭᠤ ᠪᠠᠯᠭᠠᠰᠤ ᠶᠢᠨ ᠨᠠᠨ ᠳ᠋ᠢ ᠲᠣᠰᠬᠤᠨ ᠤ ᠵᠡᠭᠡᠯᠢ ᠶᠢᠨ ᠦᠵᠡᠮᠵᠢ ᠶᠢ ᠴᠡᠭᠴᠡᠯᠡᠨ ᠵᠠᠰᠠᠬᠤ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠠᠢ᠃      ᠬᠤᠳᠠ ᠶᠢᠨ ᠤᠳᠤᠷᠢᠳᠤᠯᠭ᠎ᠠ ᠯᠢᠦ ᠴᠧᠩ ᠮᠢᠨ᠂ ᠯᠢᠦ ᠵᠢᠢ ᠶᠢᠩ᠂ ᠵᠠᠩ ᠶᠦᠩ ᠸᠧᠨ ᠵᠢᠴᠢ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ